ᠰᠥᠨᠢᠳ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠠᠮᠵᠢᠯᠳᠠᠳᠠᠢ ᠦᠨᠳᠦᠷᠯᠡᠭᠰᠡᠨ
ᠨᠡᠶᠢᠲᠡᠯᠡᠭᠰᠡᠨ ᠴᠠᠭ᠄
2024/1/26
     ᠰᠥᠨᠢᠳ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠨᠢ ᠡᠯ᠎ᠡ ᠵᠥᠪᠯᠡᠬᠦ ᠵᠦᠢᠯᠡᠰ ᠢᠶᠠᠨ ᠳᠡᠬᠦᠰ ᠠᠮᠵᠢᠯᠳᠠᠳᠠᠢ ᠪᠡᠶᠡᠯᠡᠬᠦᠯᠵᠦ᠂ 1 ᠰᠠᠷ᠎ᠠ ᠶᠢᠨ 26᠎ ᠤ ᠦᠳᠡ ᠶᠢᠨ ᠬᠤᠶᠢᠨ᠎ᠠ ᠦᠨᠳᠦᠷᠯᠡᠵᠡᠢ᠃      ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 161 ᠬᠥᠮᠥᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 145 ᠬᠥᠮᠥᠨ ᠪᠠᠶᠢᠵᠤ᠂ ᠬᠠᠤᠯᠢ ᠳᠤ ᠳᠤᠭᠳᠠᠭᠠᠭᠰᠠᠨ ᠬᠦᠮᠦᠨ ᠤ ᠳᠤᠭ᠎ᠠ ᠳᠤ ᠨᠠᠶᠢᠴᠡᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠴᠧᠨ ᠢᠦᠢ ᠴᠧᠩ᠂ ᠲᠡᠮᠦᠷ᠂ ᠸᠠᠩ ᠵᠠᠨ ᠴᠢ᠂ ᠹᠠᠨ ᠶᠧᠦ ᠴᠢᠶᠠᠩ᠂ ᠯᠦ ᠮᠢᠨ᠂ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ ᠼᠤᠤ  ᠱᠦ ᠸᠧᠨ᠂  ᠪᠦᠷᠢᠨᠳᠡᠯᠭᠡᠷ᠂ ᠲᠠᠩ  ᠸᠧᠨ ᠱᠧᠩ᠂ ᠪᠠᠨ ᠵᠢᠶᠠᠨ ᠶᠢᠩ᠂  ᠨᠠᠰᠤᠨᠪᠦ᠋ᠬᠡ ᠵᠢᠴᠢ ᠪᠤᠰᠤᠳ ᠪᠦᠷᠢᠯᠳᠦᠭᠦᠨ ᠲᠡᠷᠢᠭᠦᠯᠡᠭᠴᠢ ᠶᠢᠨ ᠲᠠᠶᠢᠰᠠᠨ ᠳᠤ  ᠰᠠᠭᠠᠳᠠᠵᠤ᠂  ᠬᠤᠰᠢᠭᠤ ᠤᠳᠤᠷᠢᠳᠤᠯᠭ᠎ᠠ ᠨᠠᠰᠤᠲᠤ᠂ ᠳᠤᠯᠭᠠᠭᠤᠷᠢ ᠤᠷᠢᠯᠭ᠎ᠠ ᠪᠠᠷ ᠬᠤᠷᠠᠯ ᠳᠤ ᠣᠷᠣᠯᠴᠠᠪᠠ᠃      ᠬᠤᠰᠢᠭᠤ ᠨᠠᠮ ᠤᠨ ᠬᠤᠷᠢᠶᠠᠨ ᠤ ᠱᠦᠵᠢ ᠴᠧᠨ ᠢᠦᠢ ᠴᠧᠩ ᠲᠡᠭᠦᠰᠬᠦ ᠶᠣᠰᠣᠯᠠᠯ ᠳᠤ ᠶᠠᠷᠢᠶ᠎ᠠ ᠬᠢᠵᠦ ᠵᠢᠭᠠᠬᠤ ᠳᠤ ᠪᠠᠨ᠂ ᠰᠥᠨᠢᠳ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ  ᠎ ᠨᠢ ᠪᠥᠬᠦ ᠲᠥᠯᠥᠭᠡᠯᠡᠭᠴᠢᠳ ᠪᠣᠯᠣᠨ ᠬᠤᠷᠠᠯ ᠳᠤ ᠣᠷᠣᠯᠴᠠᠭᠰᠠᠨ ᠨᠥᠬᠦᠳ ᠤᠨ ᠬᠠᠮᠲᠤ ᠶᠢᠨ ᠴᠢᠷᠮᠠᠶᠢᠯᠭ᠎ᠠ ᠪᠠᠷ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠡᠢ᠃ ᠬᠤᠷᠠᠯ ᠤᠨ ᠬᠤᠭᠤᠴᠠᠭᠠᠨ ᠳᠤ  ᠲᠥᠯᠥᠭᠡᠯᠡᠭᠴᠢᠳ᠂ ᠨᠠᠮ ᠪᠣᠯᠣᠨ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ᠂ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠴᠢᠩᠭ᠎ᠠ ᠬᠦᠴᠦᠲᠡᠢ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠡᠢ᠃ ᠲᠠᠷᠠᠭᠠᠴᠢ ᠶᠢᠨ ᠠᠯᠬᠤᠮ ᠳᠤ ᠪᠥᠬᠦ ᠬᠤᠰᠢᠭᠤ ᠪᠠᠷ ᠢᠶᠠᠨ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ᠂ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠲᠣᠰ ᠤᠳᠠᠭᠠᠨ ᠤ ᠬᠤᠶᠠᠷ ᠬᠤᠷᠠᠯ ᠤᠨ ᠲᠣᠭᠲᠠᠭᠠᠭᠰᠠᠨ ᠬᠠᠷᠠᠯᠲᠠ ᠡᠭᠦᠷᠭᠡ ᠳᠡᠭᠡᠷ᠎ᠡ ᠨᠢᠭᠡᠳᠬᠡᠵᠦ᠂ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠨ᠂ ᠪᠡᠷᠬᠡ ᠶᠢ ᠲᠠᠪᠠᠨ ᠪᠣᠭᠤᠮᠲᠠ ᠰᠢᠪᠲᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠵᠤ᠂ ᠬᠡᠷᠡᠯ ᠰᠠᠴᠤᠷᠠᠩᠭᠤᠢ ᠠᠮᠵᠢᠯᠲᠠ ᠶᠢ ᠳᠠᠬᠢᠨᠲᠠ ᠡᠭᠦᠳᠬᠦ ᠬᠡᠷᠡᠭᠲᠡᠢ ᠭᠡᠵᠡᠢ᠃      ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠲᠡᠮᠦᠷ ᠬᠤᠷᠠᠯ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯ ᠡᠯ᠎ᠡ ᠠᠵᠢᠯ ᠲᠦᠷᠦᠯ ᠤᠨ ᠹᠠᠷᠤᠨᠲ ᠠᠴᠠ ᠢᠷᠡᠭᠰᠡᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠯᠢᠳᠡᠭ ᠬᠥᠮᠥᠰ᠂ ᠲᠤᠯᠭᠠᠭᠤᠷᠢ ᠬᠦᠴᠦᠨ ᠮᠥᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠳᠡᠮᠵᠢᠭᠴᠢ᠂ ᠣᠷᠣᠯᠴᠠᠭᠴᠢ᠂ ᠠᠬᠢᠭᠤᠯᠤᠭᠴᠢ ᠪᠣᠯᠬᠤ ᠪᠠᠷ ᠵᠣᠷᠢᠭ ᠰᠢᠭᠤᠳᠴᠤ᠂ ᠨᠡᠩ ᠰᠠᠶᠢᠨ ᠠᠮᠵᠢᠯᠲᠠ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ ᠬᠡᠵᠡᠢ᠃        ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠠᠩ ᠸᠧᠨ ᠱᠧᠩ ᠵᠥᠪᠯᠡᠯᠭᠡ ᠶᠢ ᠬᠢᠨᠠᠨ ᠪᠠᠶᠢᠴᠠᠭᠠᠭᠰᠠᠨ ᠪᠠᠶᠢᠳᠠᠯ ᠵᠢᠴᠢ ᠰᠢᠢᠳᠪᠦᠷᠢᠯᠡᠭᠰᠡᠨ ᠰᠠᠨᠠᠯ ᠤᠨ ᠮᠡᠳᠡᠭᠦᠯᠦᠯᠲᠡ ᠬᠢᠵᠦ᠂ 2023 ᠣᠨ ᠤ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠭᠦᠢᠴᠡᠳᠬᠡᠭᠰᠡᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠭᠰᠡᠨ ᠦᠷ᠎ᠡ ᠳ᠋ᠦᠩ ᠢ ᠤᠩᠰᠢᠨ ᠨᠡᠶᠢᠲᠡᠯᠡᠪᠡ᠃      2023 ᠣᠨ ᠤ ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠩᠭᠠᠯᠭ᠎ᠠ ᠶᠢᠨ ᠪᠠᠲᠤᠯᠠᠭ᠎ᠠ ᠶᠢᠨ ᠢᠨᠵᠧᠨᠧᠷᠢᠩ ᠢ ᠰᠢᠯᠭᠠᠨ ᠦᠨᠡᠯᠡᠭᠰᠡᠨ ᠲᠥᠯᠥᠭᠡᠯᠡᠭᠴᠢ 138 ᠬᠥᠮᠥᠨ ᠤ 133᠎ ᠨᠢ ᠬᠠᠨᠤᠮᠵᠢᠲᠠᠶ  ᠪᠠᠶᠢᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠠᠷᠠᠭᠠᠨ ᠤ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠬᠤ ᠲᠦᠷᠦᠯ ᠵᠦᠢᠯ ᠢ ᠰᠢᠯᠭᠠᠨ ᠦᠨᠡᠯᠡᠭᠰᠡᠨ ᠲᠦᠯᠦᠬᠡᠯᠡᠭᠴᠢ 150 ᠬᠥᠮᠥᠨ ᠤ 145᠎ ᠨᠢ ᠬᠠᠨᠤᠮᠵᠢᠳᠠᠢ ᠪᠠᠶᠢᠵᠤ᠂ ᠮᠡᠳᠡᠭᠡ ᠬᠤᠯᠪᠣᠭᠠᠨ ᠤ ︽ᠤᠶᠢᠯᠠᠭᠠᠯᠳᠠ ᠪᠠᠯᠠᠷᠬᠠᠢ︾᠎ ᠎ ᠶᠢ ᠠᠷᠢᠯᠭᠠᠬᠤ ᠢᠨᠵᠧᠨᠧᠷᠢᠩ ᠢ ᠰᠢᠯᠭᠠᠨ ᠦᠨᠡᠯᠡᠭᠰᠡᠨ ᠲᠦᠯᠦᠬᠡᠯᠡᠭᠴᠢ  144 ᠬᠥᠮᠥᠨ ᠤ 140᠎ ᠨᠢ ᠬᠠᠨᠤᠮᠵᠢᠲᠠᠶ ᠪᠠᠶᠢᠵᠤ᠂ 2023 ᠣᠨ ᠤ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠮᠠᠯᠵᠢᠬᠤ ᠡᠷᠦᠬᠡ ᠶᠢᠨ ᠴᠠᠬᠢᠯᠭᠠᠨ ᠰᠢᠯᠵᠢᠭᠦᠯᠬᠦ ᠢᠨᠵᠧᠨᠧᠷᠢᠩ ᠤᠨ ᠲᠥᠷᠥᠯ ᠵᠦᠢᠯ ᠢ  ᠰᠢᠯᠭᠠᠨ ᠦᠨᠡᠯᠡᠭᠰᠡᠨ ᠲᠦᠯᠦᠬᠡᠯᠡᠭᠴᠢ 142 ᠬᠥᠮᠥᠨ  ᠎ ᠤ135᠎ ᠨᠢ ᠬᠠᠨᠤᠮᠵᠢᠲᠠᠶ  ᠪᠠᠶᠢᠵᠤ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠨᠣᠮ ᠪᠢᠴᠢᠭ ᠬᠤᠳᠠᠯᠳᠤᠨ ᠠᠪᠬᠤ ᠲᠥᠷᠥᠯ ᠵᠦᠢᠯ ᠢ ᠰᠢᠯᠭᠠᠨ ᠦᠨᠡᠯᠡᠭᠰᠡᠨ ᠲᠦᠯᠦᠬᠡᠯᠡᠭᠴᠢ 140  ᠬᠦᠮᠦᠨ ᠤ 135᠎ ᠨᠢ ᠬᠠᠨᠤᠮᠵᠢᠲᠠᠶ  ᠪᠠᠶᠢᠵᠤ᠂ ᠮᠣᠩᠭᠤᠯ ᠡᠮᠨᠡᠯᠭᠡ ᠶᠢᠨ ᠪᠡᠶ᠎ᠡ ᠰᠡᠳᠬᠢᠴᠡ ᠬᠠᠷᠢᠯᠴᠠᠨ ᠦᠢᠯᠡᠳᠦᠯᠴᠡᠬᠦ ᠵᠠᠰᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ  ᠰᠢᠯᠭᠠᠨ ᠦᠨᠡᠯᠡᠭᠰᠡᠨ ᠲᠦᠯᠦᠬᠡᠯᠡᠭᠴᠢ 140 ᠬᠥᠮᠥᠨ ᠤ 132  ᠎ ᠨᠢ ᠬᠠᠨᠤᠮᠵᠢᠳᠠᠢ ᠪᠠᠶᠢᠵᠤ᠂ ︽ᠬᠤᠶᠠᠷ ᠥᠮᠡᠨ︾᠎ ᠢ ᠦᠨ᠎ᠡ ᠲᠦᠯᠦᠪᠦᠷᠢ ᠦᠬᠡᠢ ᠪᠠᠷ ᠰᠢᠭᠰᠢᠨ ᠪᠠᠶᠢᠴᠠᠭᠠᠬᠤ ᠪᠠ ᠠᠪᠤᠷᠠᠨ ᠲᠤᠰᠠᠯᠠᠬᠤ ᠲᠥᠷᠥᠯ ᠵᠦᠢᠯ ᠢ ᠰᠢᠯᠭᠠᠨ ᠦᠨᠡᠯᠡᠭᠰᠡᠨ ᠲᠦᠯᠦᠬᠡᠯᠡᠭᠴᠢ 139 ᠬᠦᠮᠦᠨ ᠤ 130᠎ ᠨᠢ ᠬᠠᠨᠤᠮᠵᠢᠳᠠᠢ ᠪᠠᠶᠢᠵᠤ᠂ ᠬᠤᠰᠢᠭᠤ ᠵᠡᠮᠳᠡᠭᠴᠦᠳ ᠤᠨ ᠬᠤᠯᠪᠤᠭᠠᠨ ᠤ ᠶᠠᠳᠠᠭᠤ ᠶᠢ ᠲᠡᠳᠬᠦᠬᠦ ᠠᠵᠤ ᠦᠢᠯᠡᠰ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠰᠢᠯᠭᠠᠨ ᠦᠨᠡᠯᠡᠭᠰᠡᠨ ᠲᠦᠯᠦᠬᠡᠯᠡᠭᠴᠢ 155 ᠬᠥᠮᠥᠨ ᠤ 136᠎ ᠨᠢ ᠬᠠᠨᠤᠮᠵᠢᠳᠠᠢ ᠪᠠᠨ ᠢᠯᠡᠷᠭᠡᠶᠢᠯᠡᠭᠰᠡᠨ ᠪᠠᠶᠢᠨ᠎ᠠ᠃      ᠬᠤᠷᠠᠯ ᠠᠴᠠ ᠶᠡᠭᠡ ᠬᠤᠷᠠᠯ ᠤᠨ ᠪᠢᠯᠧᠲ ᠬᠢᠨᠠᠭᠴᠢ ᠶᠢᠨ ᠨᠡᠷᠡᠰ ᠤᠨ ᠲᠥᠰᠥᠯ᠂ ᠰᠣᠩᠭᠤᠭᠤᠯᠢ ᠶᠢᠨ ᠠᠷᠭ᠎ᠠ ᠶᠢᠨ ᠲᠥᠰᠥᠯ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠢᠯᠧᠲ ᠥᠭᠬᠦ ᠠᠷᠭ᠎ᠠ ᠶᠢᠨ ᠲᠥᠰᠥᠯ ᠪᠣᠯᠣᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠤᠨ ᠮᠡᠳᠡᠭᠦᠯᠦᠯᠲᠡ ᠶᠢᠨ ᠰᠢᠢᠳᠪᠦᠷᠢ ᠶᠢ  ᠪᠠᠳᠤᠯᠠᠵᠤ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ ᠵᠦᠢᠯ ᠢ ᠳᠤᠭᠳᠠᠭᠠᠨ᠂ ᠰᠥᠨᠢᠳ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢ ᠨᠥᠬᠦᠨ  ᠰᠤᠩᠭᠤᠵᠤ᠂ ᠰᠣᠩᠭᠤᠭᠤᠯᠢ ᠶᠢᠨ ᠳ᠋ᠦᠩ ᠢ  ᠵᠠᠷᠯᠠᠭᠰᠠᠨ ᠤ ᠳᠠᠷᠠᠭ᠎ᠠ  ᠰᠢᠨ᠎ᠡ ᠪᠠᠷ ᠰᠣᠩᠭᠤᠭᠳᠠᠭᠰᠠᠨ ᠬᠥᠮᠥᠰ ᠦᠨᠳᠦᠰᠦᠨ ᠬᠠᠤᠯᠢ ᠳᠤ ᠳᠠᠩᠭᠠᠷᠢᠭ ᠡᠷᠬᠦᠵᠡᠢ᠃      ᠶᠡᠭᠡ ᠬᠤᠷᠠᠯ ᠠᠴᠠ ᠪᠠᠰᠠ 2023 ᠤᠨ ᠤ 3 ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠡᠷᠢᠭᠦᠨ ᠤ ᠭᠠᠵᠠᠷ ᠣᠷᠣᠨ᠂ 12 ᠲᠤᠰᠢᠶᠠᠯ ᠢᠶᠠᠨ ᠳᠤᠪᠤᠶᠢᠮ᠎ᠠ ᠬᠦᠢᠴᠡᠳᠭᠡᠭᠰᠡᠨ ᠲᠥᠯᠥᠭᠡᠯᠡᠭᠴᠢ᠂ 7 ᠰᠢᠯᠢᠳᠡᠭ ᠰᠠᠨᠠᠯ  ᠵᠦᠪᠯᠡᠯᠬᠡ ᠶᠢ ᠱᠠᠩᠨᠠᠨ ᠬᠦᠬᠢᠬᠦᠯᠪᠡ᠃      ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠨ ᠤ ᠳᠤᠮᠳᠠ  ᠠᠮᠵᠢᠯᠳᠠᠳᠠᠢ ᠦᠨᠳᠦᠷᠯᠡᠵᠡᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号