ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠦᠯᠬᠦᠮ ᠬᠤᠪᠢᠶᠠᠨ ᠠᠵᠢᠯ ᠤᠨ ᠮᠡᠳᠡᠭᠦᠯᠦᠯᠲᠡ ᠶᠢ ᠶᠠᠷᠢᠯᠴᠠᠪᠠ
ᠨᠡᠶᠢᠲᠡᠯᠡᠭᠰᠡᠨ ᠴᠠᠭ᠄
2024/1/26
     1 ᠰᠠᠷ᠎ᠠ ᠶᠢᠨ 25᠎ ᠤ ᠡᠳᠦᠷ᠂ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠲᠥᠯᠥᠭᠡᠯᠡᠭᠴᠢᠳ 6 ᠲᠥᠯᠥᠭᠡᠯᠡᠭᠴᠢᠳ ᠤᠨ ᠪᠦᠯᠬᠦᠮ ᠬᠤᠪᠢᠶᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠪᠠ ᠪᠤᠰᠤᠳ ᠮᠡᠳᠡᠭᠦᠯᠦᠯᠲᠡ ᠶᠢ ᠬᠢᠨᠠᠨ ᠵᠦᠪᠯᠡᠵᠦ ᠶᠠᠷᠢᠯᠴᠠᠪᠠ      ᠬᠤᠰᠢᠭᠤ ᠤᠳᠤᠷᠢᠳᠤᠯᠭ᠎ᠠ ᠴᠧᠨ ᠢᠦᠢ ᠴᠧᠩ᠂ ᠸᠠᠩ ᠵᠠᠨ ᠴᠢ ᠲᠤᠰ ᠲᠤᠰ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠥᠯᠥᠭᠡᠯᠡᠭᠴᠢᠳ ᠤᠨ ᠪᠦᠯᠬᠦᠮ ᠳᠤ ᠬᠦᠷᠴᠦ ᠪᠦᠯᠬᠦᠮ ᠬᠤᠪᠢᠶᠠᠨ ᠶᠠᠷᠢᠯᠴᠠᠬᠤ ᠳᠤ ᠣᠷᠣᠯᠴᠠᠵᠤ᠂ ᠲᠥᠯᠥᠭᠡᠯᠡᠭᠴᠢᠳ ᠤᠨ ᠰᠡᠳᠬᠢᠯ ᠤᠨ ᠳᠠᠭᠤᠨ ᠢ ᠰᠣᠨᠣᠰᠴᠤ᠂ ᠬᠥᠭᠵᠢᠯᠲᠡ ᠶᠢᠨ ᠰᠡᠳᠬᠢᠴᠡ ᠪᠠᠨ ᠠᠭᠤᠵᠢᠷᠠᠲᠠᠯ᠎ᠠ ᠶᠠᠷᠢᠯᠴᠠᠪᠠ᠃      ᠡᠯ᠎ᠡ ᠲᠥᠯᠥᠭᠡᠯᠡᠭᠴᠢᠳ ᠤᠨ ᠪᠦᠯᠬᠦᠮ ᠤᠨ ᠬᠤᠷᠠᠯ ᠤᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂  ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯ ᠰᠡᠳᠦᠪ ᠢᠯᠡ ᠲᠣᠳᠣ᠂ ᠰᠡᠳᠬᠢᠴᠡ ᠲᠣᠳᠣᠷᠬᠠᠢ᠂ ᠡᠭᠦᠷᠭᠡ ᠲᠣᠳᠣᠷᠬᠠᠢ᠂ ᠭᠤᠣᠯᠳᠠᠯᠭ᠎ᠠ ᠲᠣᠪᠤᠶᠢᠮ᠎ᠠ ᠪᠠᠶᠢᠵᠤ᠂ ᠥᠩᠭᠡᠷᠡᠭᠰᠡᠨ ᠨᠢᠭᠡ ᠵᠢᠯ ᠤᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠤᠰᠤᠳᠴᠢ ᠪᠠᠷ ᠳ᠋ᠦᠩᠨᠡᠵᠦ᠂ 2024 ᠣᠨ ᠤ ᠪᠦᠬᠦ ᠬᠤᠰᠢᠭᠤᠨ ᠤ ᠬᠥᠭᠵᠢᠯᠲᠡ ᠶᠢᠨ ᠰᠢᠨ᠎ᠡ ᠬᠠᠷᠠᠯᠲᠠ᠂ ᠰᠢᠨ᠎ᠡ ᠡᠭᠦᠷᠭᠡ ᠶᠢ ᠲᠣᠳᠣᠷᠬᠠᠢ ᠳᠤᠷᠠᠳᠴᠤ᠂ 2024 ᠣᠨ ᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠪᠦᠬᠦ ᠬᠤᠰᠢᠭᠤᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠡᠶᠢᠴᠡᠵᠦ᠂ ᠬᠥᠮᠦᠰ ᠢ ᠵᠤᠷᠢᠭᠵᠢᠭᠤᠯᠤᠨ ᠡᠷᠡᠯᠬᠡᠭᠯᠡᠨ ᠤᠷᠤᠭᠰᠢᠯᠠᠵᠤ᠂ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠴᠢᠭᠯᠡᠯᠳᠡ ᠳᠤᠳᠤᠷᠬᠠᠢ ᠰᠠᠶᠢᠨ ᠢᠯᠡᠳᠬᠡᠯ ᠪᠣᠯᠵᠠᠢ ᠭᠡᠵᠦ ᠲᠦᠯᠦᠭᠡᠯᠡᠭᠴᠢᠳ ᠰᠡᠳᠬᠢᠯ ᠨᠢᠭᠡᠲᠠᠢ ᠶᠠᠷᠢᠵᠠᠭᠠᠨ᠎ᠠ᠃      ᠴᠧᠨ ᠢᠦᠢ ᠴᠧᠩ ᠨᠢᠭᠡᠳᠦᠭᠡᠷ ᠲᠥᠯᠥᠭᠡᠯᠡᠭᠴᠢᠳ ᠤᠨ ᠪᠦᠯᠬᠦᠮ ᠪᠣᠯᠤᠨ ᠳᠥᠷᠪᠡᠳᠦᠭᠡᠷ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠣᠷᠣᠯᠴᠠᠵᠤ᠂ ᠲᠥᠯᠥᠭᠡᠯᠡᠭᠴᠢᠳ ᠤᠨ ᠰᠠᠨᠠᠯ ᠢ ᠨᠠᠷᠢᠨ ᠬᠢᠨᠠᠮᠠᠭᠠᠢ ᠰᠣᠨᠣᠰᠴᠤ᠂ ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃ ᠲᠡᠷᠡ ᠵᠢᠭᠠᠵᠤ ᠭᠠᠷᠭᠠᠭᠰᠠᠨ ᠨᠢ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠨᠢᠭᠡ ᠪᠦᠯᠦᠭ ᠨᠠᠷᠢᠨ ᠪᠣᠳᠠᠲᠠᠢ ᠲᠤᠭ᠎ᠠ ᠪᠠᠷᠢᠮᠲᠠ ᠪᠠᠷ ᠪᠤᠰᠤᠳᠴᠢ ᠪᠥᠭᠡᠳ ᠦᠨᠡᠨ ᠪᠣᠳᠠᠲᠠᠢ ᠪᠠᠷ ᠵᠠᠰᠠᠭ ᠤᠨ ᠣᠷᠳᠣᠨ ᠤ ᠥᠩᠭᠡᠷᠡᠭᠰᠡᠨ ᠨᠢᠭᠡ ᠵᠢᠯ ᠤᠨ ᠡᠭᠦᠷᠭᠡᠯᠡᠯ ᠪᠠ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠥᠩᠭᠡᠷᠡᠭᠰᠡᠨ ᠤ ᠠᠮᠵᠢᠯᠲᠠ ᠪᠠᠨ ᠳ᠋ᠦᠩᠨᠡᠭᠰᠡᠨ ᠮᠥᠷᠲᠡᠭᠡᠨ ᠪᠠᠰᠠ ᠵᠥᠷᠢᠶ᠎ᠡ ᠪᠠ ᠳᠤᠲᠠᠭᠤᠳᠠᠯ ᠢᠶᠠᠨ ᠡᠷᠢᠵᠦ ᠣᠯᠤᠭᠰᠠᠨ ᠤ ᠬᠠᠮᠲᠤ 2024 ᠣᠨ ᠤ ᠡᠯ᠎ᠡ ᠵᠦᠢᠯ ᠤᠨ ᠠᠵᠢᠯ ᠤᠨ ᠴᠢᠭᠯᠡᠯ ᠢ ᠲᠣᠳᠣᠷᠬᠠᠢ ᠵᠢᠭᠠᠵᠤ ᠥᠭᠴᠦ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠠᠵᠢᠯ ᠤᠨ ᠪᠤᠰᠤᠳᠴᠢ ᠪᠣᠳᠠᠲᠤ ᠪᠠᠶᠢᠳᠠᠯ ᠢ ᠳ᠋ᠦᠩᠨᠡᠵᠦ᠂ ᠠᠵᠢᠯ ᠤᠨ ᠰᠡᠳᠬᠢᠮᠵᠢ ᠶᠢ ᠲᠣᠳᠣᠷᠬᠠᠢ ᠪᠣᠯᠭᠠᠵᠤ᠂ ᠰᠢᠨ᠎ᠡ ᠦᠵᠡᠯ ᠰᠠᠨᠠᠭ᠎ᠠ ᠶᠢ ᠲᠤᠤᠱᠯᠠᠭᠤᠯᠵᠤ᠂ ᠰᠢᠨ᠎ᠡ ᠵᠢᠷᠤᠭ ᠲᠥᠯᠥᠪᠯᠡᠭᠡ ᠳᠤ ᠠᠭᠤᠰᠤᠯᠴᠠᠵᠤ᠂ ᠰᠢᠨ᠎ᠡ ᠪᠠᠶᠢᠷᠢᠯᠠᠭᠤᠯᠤᠯᠲᠠ ᠶᠢ ᠢᠯᠡᠷᠡᠭᠦᠯᠵᠦ᠂ ᠰᠢᠨ᠎ᠡ ᠱᠠᠭᠠᠷᠳᠠᠯᠭ᠎ᠠ ᠶᠢ ᠦᠢᠯᠡᠳᠦᠯᠭᠡᠵᠢᠭᠦᠯᠪᠡ ᠭᠡᠪᠡ᠃ ᠲᠡᠷᠡ᠂ ᠮᠠᠯ ᠠᠵᠤ ᠠᠬᠤᠢ ᠶᠢᠨ ᠲᠠᠯ᠎ᠠ ᠪᠠᠷ ᠮᠠᠨ ᠤ ᠬᠤᠰᠢᠭᠤᠨ ᠤ ᠮᠠᠯ ᠠᠵᠤ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠬᠦᠢᠲᠡᠨ ᠡᠬᠢ ᠪᠠᠶᠠᠯᠢᠭ︾᠎ ᠢ ︽ᠬᠠᠯᠠᠭᠤᠨ ᠦᠷ᠎ᠡ ᠠᠰᠢᠭ︾ ᠪᠣᠯᠭᠠᠨ ᠬᠤᠪᠢᠷᠠᠭᠤᠯᠵᠤ᠂ ᠬᠤᠨᠢ ᠶᠢ ᠰᠢᠯᠢᠳᠡᠭᠵᠢᠭᠦᠯᠦᠨ ᠦᠬᠡᠷ ᠢ ᠨᠡᠮᠡᠭᠳᠡᠭᠦᠯᠬᠦ᠂ ᠬᠤᠨᠢ ᠶᠢ ᠰᠢᠯᠢᠳᠡᠭᠵᠢᠭᠦᠯᠦᠨ ᠲᠡᠮᠡᠭᠡ ᠨᠡᠮᠡᠭᠳᠡᠭᠦᠯᠬᠦ ᠬᠠᠷᠠᠯᠲᠠ ᠶᠢ ᠪᠠᠷᠢᠮᠲᠠᠯᠠᠨ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠶᠢ ᠰᠠᠶᠢᠲᠤᠷ ᠠᠳᠬᠤᠵᠤ᠂ ᠣᠳᠣ ᠦᠶ᠎ᠡ ᠶᠢᠨ ᠬᠠᠰᠢᠶᠠᠯᠠᠨ ᠲᠡᠵᠢᠭᠡᠬᠦ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠮᠠᠯᠵᠢᠬᠤ ᠡᠷᠦᠬᠡ ᠶᠢ ᠬᠥᠲᠥᠯᠥᠨ ᠳᠠᠭᠠᠭᠤᠯᠵᠤ ᠪᠠᠶᠢᠭᠠᠳ ︽ᠬᠠᠰᠢᠶᠠᠯᠠᠨ ᠮᠠᠯᠵᠢᠬᠤ ᠬᠠᠭᠠᠰ ᠬᠠᠰᠢᠶᠠᠯᠠᠨ ᠮᠠᠯᠵᠢᠬᠤ︾ ᠠᠷᠭ᠎ᠠ ᠬᠡᠯᠪᠡᠷᠢ ᠶᠢ ᠠᠪᠴᠤ᠂ ᠰᠢᠨᠵᠢᠯᠡᠬᠦ ᠤᠬᠠᠭᠠᠨᠴᠢᠯᠠᠭᠰᠠᠨ᠂ ᠬᠡᠪᠴᠢᠶᠡᠵᠢᠭᠰᠡᠨ᠂ ᠪᠠᠷᠢᠮᠵᠢᠶᠠᠵᠢᠭᠤᠯᠤᠨ ᠮᠠᠯᠵᠢᠬᠤ ᠵᠠᠮ ᠢᠶᠠᠷ ᠵᠠᠮᠨᠠᠵᠤ᠂ ᠮᠠᠯ ᠠᠵᠤ ᠠᠬᠤᠢ ᠶᠢ ᠬᠥᠭᠵᠢᠭᠦᠯᠬᠦ ᠶᠢᠨ ᠤᠷᠢᠲᠠᠯ ᠲᠤᠤᠷ᠎ᠠ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦ ᠶᠢ ᠰᠠᠶᠢᠳᠤᠷ ᠵᠠᠰᠠᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠤᠷᠠᠳᠤᠭᠰᠠᠨ ︽ᠵᠢᠷᠭᠤᠭᠠᠨ ᠢᠨᠵᠧᠨᠧᠷᠢᠩ︾᠎ ᠢ ᠭᠦᠨᠵᠡᠭᠡᠢ ᠬᠡᠷᠡᠭᠵᠢᠭᠦᠯᠵᠦ᠂ ᠡᠯ᠎ᠡ ᠵᠦᠢᠯ ᠤᠨ ᠢᠨᠵᠧᠨᠧᠷᠢᠩ ᠤᠨ ᠮᠠᠨ ᠤ ᠬᠤᠰᠢᠭᠤᠨ ᠳᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠰᠢᠨ᠎ᠡ ᠵᠠᠮ ᠢ ᠨᠡᠭᠡᠭᠡᠵᠦ᠂ ᠳᠤᠮᠳᠠ ᠶᠢᠨ ᠪᠠᠶᠢᠷᠢᠨ ᠳᠤ ᠣᠷᠣᠬᠤ︾ ᠲᠡᠮᠡᠴᠡᠬᠦ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠳᠠᠷᠠᠭ᠎ᠠ ᠨᠢ ᠲᠥᠯᠥᠭᠡᠯᠡᠭᠴᠢᠳ ᠤᠨ ᠰᠠᠨᠠᠭᠤᠯᠭ᠎ᠠ ᠶᠢ ᠤᠯᠠᠮ ᠨᠢᠭᠡ ᠠᠯᠬᠤᠮ ᠰᠠᠶᠢᠲᠤᠷ ᠡᠮᠬᠢᠯᠡᠵᠦ᠂ ᠤᠴᠢᠷ ᠶᠠᠪᠤᠳᠠᠯ ᠢ ᠨᠢᠭᠡᠳ ᠨᠢᠭᠡ ᠪᠠᠷ ᠰᠠᠶᠢᠲᠤᠷ ᠬᠢᠵᠦ᠂ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠬᠦ ᠬᠡᠷᠡᠭᠲᠠᠢ ᠭᠡᠪᠡ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠳᠡᠳ᠋ ᠬᠤᠰᠢᠭᠤ ᠳᠠᠷᠤᠭ᠎ᠠ ᠸᠠᠩ ᠵᠠᠨ ᠴᠢ ᠬᠤᠶᠠᠳᠤᠭᠠᠷ᠂ ᠭᠤᠷᠪᠠᠳᠤᠭᠠᠷ᠂ ᠵᠢᠷᠭᠤᠳᠤᠭᠠᠷ ᠲᠥᠯᠥᠭᠡᠯᠡᠭᠴᠢᠳ ᠤᠨ ᠪᠦᠯᠬᠦᠮ ᠤᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠵᠤ᠂ ᠥᠩᠭᠡᠷᠡᠭᠰᠡᠨ ᠨᠢᠭᠡ ᠵᠢᠯ ᠳᠤ ᠮᠠᠨ ᠤ ᠬᠤᠰᠢᠭᠤ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠢᠮᠠᠭᠲᠠ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠮᠡᠬᠡᠶᠢᠯᠡᠨ ᠤᠷᠤᠭᠰᠢᠯᠠᠵᠤ᠂ ᠨᠠᠮ ᠤᠨ ᠲᠥᠪ ᠬᠤᠷᠢᠶᠠᠨ ᠤ ᠦᠨᠳᠦᠰᠦᠨ ᠪᠣᠳᠣᠯᠭ᠎ᠠ ᠴᠢᠭᠯᠡᠯᠲᠡ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ ᠂ ᠬᠤᠰᠢᠭᠤ ᠳᠠᠶᠠᠭᠠᠷ ᠢᠶᠠᠨ ᠪᠦᠯᠬᠦᠮᠳᠡᠨ ᠨᠢᠭᠡᠳᠴᠦ᠂ ᠬᠦᠴᠢᠷ ᠢ ᠰᠥᠷᠦᠨ ᠤᠷᠤᠭᠰᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠣᠯᠪᠠ᠃ ᠪᠢᠳᠡ ᠥᠨᠥᠳᠦᠷ ᠤᠨ ᠬᠤᠷᠠᠯ ᠳᠡᠭᠡᠷ᠎ᠡ ᠥᠩᠭᠡᠷᠡᠭᠰᠡᠨ ᠢᠶᠠᠨ ᠡᠷᠭᠢᠴᠡᠭᠦᠯᠬᠦ ᠶᠢᠨ ᠬᠠᠮᠲᠤ ᠨᠡᠩ ᠴᠢᠬᠤᠯᠠ ᠨᠢ ᠢᠷᠡᠭᠡᠳᠦᠢ ᠪᠠᠨ ᠪᠠᠷᠠᠯᠠᠵᠤ᠂ ᠪᠦᠬᠦ ᠬᠤᠰᠢᠭᠤᠨ ᠤ ᠨᠡᠩ ᠰᠠᠶᠢᠨ ᠬᠥᠭᠵᠢᠯᠲᠡ ᠳᠤ ᠬᠠᠮᠲᠤ ᠪᠠᠷ ᠬᠤᠪᠢ ᠨᠡᠮᠡᠷᠢ ᠦᠵᠡᠬᠦᠯᠬᠦ ᠬᠡᠷᠡᠭᠲᠠᠢ᠃ ᠬᠥᠭᠵᠢᠯᠲᠡ ᠶᠢᠨ ᠬᠦᠨᠳᠦ ᠡᠭᠦᠷᠭᠡ᠂ ᠠᠷᠠᠳ ᠲᠦᠮᠡᠨ ᠤ ᠬᠦᠨᠳᠦ ᠬᠦᠴᠢᠷᠳᠡᠯ ᠤᠨ ᠡᠮᠦᠨ᠎ᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤᠰ ᠲᠤᠰ ᠤᠨ ᠠᠵᠢᠯ ᠤᠨ ᠬᠦᠷᠢᠶ᠎ᠡ ᠴᠠᠷᠠᠭ᠎ᠠ ᠳᠠᠭᠠᠨ ᠦᠷᠭᠦᠯᠵᠢᠯᠡᠨ ᠲᠡᠮᠡᠴᠡᠵᠦ᠂ ᠦᠢᠯᠡᠳᠦᠯᠭᠡ ᠪᠠᠷ ᠢᠷᠡᠭᠡᠳᠦᠢ ᠶᠢ ᠴᠣᠭᠴᠠᠯᠠᠨ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠣᠩᠭᠤᠯ ᠮᠣᠷᠢᠨ ᠤ ᠵᠣᠷᠢᠭ ᠰᠠᠨᠠᠭ᠎ᠠ᠂ ︽ᠭᠤᠷᠪᠠᠨ ᠤᠮᠠᠷᠠᠲᠤ︾᠎ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠰᠢᠨ᠎ᠡ ᠲᠣᠬᠢᠶᠠᠯ ᠢ ᠠᠮᠵᠢᠵᠤ᠂ ᠰᠢᠨ᠎ᠡ ᠬᠦᠴᠢᠷ ᠠᠰᠠᠭᠤᠳᠠᠯ ᠢ ᠰᠢᠢᠳᠪᠦᠷᠢᠯᠡᠨ᠂ ᠰᠢᠨ᠎ᠡ ᠰᠢᠪᠲᠤᠯᠤᠯᠲᠠ ᠶᠢ ᠡᠷᠢᠯᠬᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠥᠨᠢᠳ ᠪᠠᠷᠠᠭᠤᠨ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠶᠠᠷᠢᠯᠴᠠᠬᠤ ᠬᠤᠭᠤᠴᠠᠭᠠᠨ ᠳᠤ᠂ ᠲᠥᠯᠥᠭᠡᠯᠡᠭᠴᠢᠳ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠠᠯ ᠠᠵᠤ ᠠᠬᠤᠢ ᠶᠢᠨ ᠬᠥᠭᠵᠢᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠰᠤᠷᠭᠠᠨ ᠬᠥᠮᠦᠵᠢᠯ ᠤᠨ ᠳᠡᠭᠡᠭᠰᠢᠯᠡᠯᠲᠡ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠬᠠᠯᠠᠮᠰᠢᠯ ᠠᠰᠠᠭᠤᠳᠠᠯ ᠤᠨ ᠲᠤᠬᠠᠢ ᠠᠭᠤᠵᠢᠷᠠᠲᠠᠯ᠎ᠠ ᠶᠠᠷᠢᠭᠰᠠᠨ ᠪᠥᠭᠡᠳ ᠳᠠᠷᠠᠭᠠᠴᠢ ᠶᠢᠨ ᠠᠵᠢᠯ ᠤᠨ ᠳᠤᠮᠳᠠ ᠬᠠᠷᠠᠯᠲᠠ ᠨᠡᠩ ᠲᠣᠳᠣᠷᠬᠠᠢ᠂ ᠰᠡᠳᠬᠢᠴᠡ ᠨᠡᠩ ᠲᠣᠳᠣᠷᠬᠠᠢ᠂ ᠠᠷᠠᠳ ᠤᠨ ᠠᠮᠢᠳᠤᠷᠠᠯ ᠤᠨ ᠬᠠᠶᠢᠷ᠎ᠠ ᠰᠡᠳᠬᠢᠯᠭᠡ ᠨᠡᠩ ᠴᠢᠩᠭ᠎ᠠ ᠪᠣᠯᠤᠭᠰᠠᠨ ᠪᠠᠶᠢᠨ᠎ᠠ ᠭᠡᠵᠦ ᠢᠯᠡᠳᠬᠡᠵᠡᠭᠡᠪᠡ᠃ ᠢᠯᠡᠳᠬᠡᠯ ᠳᠤ ᠳᠤᠷᠠᠳᠤᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠠᠶᠢᠨ ᠰᠠᠶᠢᠬᠠᠨ ᠵᠢᠷᠤᠭ ᠲᠥᠰᠦᠪ ᠢ ᠰᠦᠷᠯᠢᠭ ᠰᠠᠶᠢᠬᠠᠨ ᠪᠣᠳᠠᠲᠤ ᠦᠵᠡᠮᠵᠢ ᠪᠣᠯᠭᠠᠨ ᠬᠤᠪᠢᠷᠠᠭᠤᠯᠬᠤ ᠳᠤ ᠬᠦᠴᠦᠨ ᠨᠡᠮᠡᠷᠢᠯᠡᠵᠦ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷᠯᠢᠭ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃      ᠬᠤᠷᠠᠯ ᠳᠡᠭᠡᠷ᠎ᠡ᠂ ᠲᠥᠯᠥᠭᠡᠯᠡᠭᠴᠢᠳ ᠰᠣᠩᠭᠤᠭᠤᠯᠢ ᠶᠢᠨ ᠠᠷᠭ᠎ᠠ ᠶᠢᠨ ᠲᠥᠰᠦᠯ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠪᠢᠯᠧᠲ ᠥᠭᠴᠦ ᠲᠣᠭᠲᠠᠭᠠᠬᠤ ᠠᠷᠭ᠎ᠠ ᠶᠢᠨ ᠲᠥᠰᠦᠯ ᠢ ᠬᠢᠨᠠᠨ ᠵᠥᠪᠯᠡᠵᠦ᠂ ᠪᠠᠰᠠ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠥᠷᠥᠯ ᠵᠦᠢᠯ ᠢ ᠬᠢᠨᠠᠨ ᠵᠥᠪᠯᠡᠵᠦ᠂ ᠵᠢᠱᠢᠭᠳᠡᠭᠴᠢ ᠶᠢᠨ ᠨᠡᠷᠡᠰ ᠤᠨ ᠲᠥᠰᠦᠯ ᠢ  ᠶᠠᠷᠢᠯᠴᠠᠵᠤ᠂ ᠪᠢᠯᠧᠲ ᠬᠢᠨᠠᠭᠴᠢ ᠶᠢ ᠰᠣᠩᠭᠤᠨ ᠭᠠᠷᠭᠠᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号