ᠰᠥᠨᠢᠳ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠬᠤᠷᠠᠯᠳᠤᠭᠠᠨ ᠬᠤᠷᠠᠯᠳᠤᠭᠰᠠᠨ
ᠨᠡᠶᠢᠲᠡᠯᠡᠭᠰᠡᠨ ᠴᠠᠭ᠄
2024/1/26
     1 ᠰᠠᠷ᠎ᠠ ᠶᠢᠨ 26᠎ ᠤ ᠡᠳᠦᠷ ᠤᠨ ᠦᠳᠡ ᠶᠢᠨ ᠡᠮᠦᠨ᠎ᠡ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠲᠡᠮᠦᠷ ᠰᠥᠨᠢᠳ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠪᠠ ᠡᠯ᠎ᠡ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠬᠤᠷᠠᠯ ᠳᠤ ᠣᠷᠣᠯᠴᠠᠪᠠ᠃      ᠬᠤᠷᠠᠯ ᠠᠴᠠ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠤᠳᠤᠯᠤᠨ ᠶᠠᠷᠢᠯᠴᠠᠵᠦ᠂  ᠲᠦᠯᠦᠪᠵᠢᠬᠦᠯᠭᠡ ᠪᠠ ᠲᠦᠰᠦᠪ ᠤᠨ ᠲᠤᠬᠠᠢ ᠡᠳ᠋ ᠤᠨ ᠵᠠᠰᠠᠭ ᠠᠵᠦ ᠠᠬᠤᠢ ᠶᠢᠨ ᠵᠦᠪᠯᠡᠯ ᠤᠨ ᠬᠢᠨᠠᠨ ᠪᠠᠶᠢᠴᠠᠭᠠᠭᠰᠠᠨ ᠮᠡᠳᠡᠬᠦᠯᠦᠯᠳᠡ  ᠂  ᠰᠠᠨᠠᠯ ᠳᠤᠷᠠᠳᠤᠯᠭ᠎ᠠ ᠶᠢ ᠰᠢᠢᠳᠪᠤᠷᠢᠯᠡᠬᠦ ᠰᠠᠨᠠᠯ ᠤᠨ ᠲᠤᠬᠠᠢ ᠰᠠᠨᠠᠯ ᠳᠤᠷᠠᠳᠤᠯᠭ᠎ᠠ ᠎ ᠶᠢ ᠬᠢᠨᠠᠨ ᠪᠠᠶᠢᠴᠠᠭᠠᠬᠤ ᠵᠦᠪᠯᠡᠯ ᠤᠨ ᠮᠡᠳᠡᠬᠦᠯᠦᠯᠳᠡ ᠵᠢᠴᠢ ᠡᠯ᠎ᠡ ᠲᠦᠷᠦᠯ ᠤᠨ ᠮᠡᠳᠡᠬᠦᠯᠦᠯᠳᠡ ᠶᠢᠨ ᠰᠢᠢᠳᠪᠤᠷᠢ ᠎ ᠶᠢᠨ ᠲᠦᠰᠦᠯ ᠢ ᠬᠢᠨᠠᠨ ᠵᠦᠪᠯᠡᠵᠦ ᠪᠠᠳᠤᠯᠠᠭᠠᠳ᠂ ᠬᠠᠮᠤᠭ ᠰᠡᠬᠦᠯ ᠳᠤ ᠶᠡᠭᠡ ᠬᠤᠷᠠᠯ ᠳᠤ ᠲᠤᠰᠢᠶᠠᠨ ᠪᠠᠳᠤᠯᠠᠭᠤᠯᠬᠤ ᠎ ᠪᠠᠷ ᠲᠤᠭᠳᠠᠵᠠᠢ᠃ ᠡᠯ᠎ᠡ ᠲᠥᠯᠥᠭᠡᠯᠡᠭᠴᠢᠳ ᠤᠨ ᠪᠦᠯᠬᠦᠮ ᠤᠨ ᠲᠡᠷᠢᠭᠦᠯᠡᠭᠴᠢᠳ ᠤᠨ ᠪᠦᠯᠬᠦᠮ ᠤᠨ ᠨᠡᠷ᠎ᠡ ᠳᠤᠷᠠᠳᠤᠭᠰᠠᠨ ᠪᠠ ᠲᠥᠯᠥᠭᠡᠯᠡᠭᠴᠢᠳ ᠤᠨ ᠠᠷᠪᠠᠨ ᠬᠥᠮᠦᠨ ᠠᠴᠠ ᠳᠡᠭᠡᠭᠰᠢᠬᠢ ᠬᠠᠮᠲᠤᠷᠠᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠢᠩᠬᠢᠨᠢ ᠵᠢᠱᠢᠭᠳᠡᠭᠴᠢ ᠶᠢᠨ ᠨᠡᠷᠡᠰ ᠢ ᠲᠣᠭᠲᠠᠭᠠᠪᠠ︔ 2024 ᠣᠨ ᠤ ᠠᠷᠠᠳ ᠤᠨ ᠠᠮᠢᠳᠤᠷᠠᠯ ᠲᠠᠢ ᠬᠤᠯᠪᠤᠭᠳᠠᠯ ᠲᠠᠢ ᠵᠢᠱᠢᠭᠳᠡᠭᠴᠢ ᠲᠦᠷᠦᠯ ᠵᠤᠶᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠶᠡᠭᠡ ᠬᠤᠷᠠᠯ ᠳᠤ ᠪᠢᠯᠧᠲ ᠦᠭᠴᠦ  ᠰᠤᠩᠭᠤᠬᠤ ᠪᠠᠷ ᠪᠤᠯᠵᠦ᠂ ᠰᠣᠩᠭᠤᠭᠤᠯᠢ ᠶᠢᠨ ᠠᠷᠭ᠎ᠠ ᠶᠢᠨ ᠲᠥᠰᠦᠯ᠂ ᠪᠢᠯᠧᠲ ᠥᠭᠬᠦ ᠠᠷᠭ᠎ᠠ ᠶᠢᠨ ᠲᠥᠰᠦᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠶᠡᠭᠡ ᠬᠤᠷᠠᠯ ᠳᠤ ᠳᠡᠪᠰᠢᠭᠦᠯᠵᠦ ᠪᠠᠲᠤᠯᠠᠭᠤᠯᠬᠤ ᠪᠠᠷ ᠲᠣᠭᠲᠠᠪᠠ︔ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠤᠨ ᠲᠥᠰᠦᠯ ᠢ ᠪᠠᠲᠤᠯᠠᠵᠤ᠂ ᠶᠡᠭᠡ ᠬᠤᠷᠠᠯ ᠳᠤ ᠪᠠᠲᠤᠯᠠᠭᠤᠯᠬᠤ ᠪᠠᠷ ᠳᠡᠪᠰᠢᠭᠦᠯᠪᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号