︽ᠨᠤᠮᠢᠨᠲᠠᠯ᠎ᠠ ᠶᠢᠨ ᠥᠵᠡᠰᠭᠦᠯᠡᠩ︾ ᠵᠢᠷᠤᠭᠲᠤ ᠲᠤᠪᠬᠢᠮᠠᠯ ᠢᠶᠠᠷ ᠨᠤᠮ ᠤᠨ ᠥᠷᠦᠭᠡ ᠪᠠᠨ ᠴᠢᠮᠡᠨ᠎ᠡ
ᠨᠡᠶᠢᠲᠡᠯᠡᠭᠰᠡᠨ ᠴᠠᠭ᠄
2024/1/30
      ᠪᠤᠭᠤᠷᠤᠯ ᠵᠢᠯ ᠮᠤᠷᠢᠯᠠᠵᠤ ᠪᠤᠶᠠᠨᠲᠤ ᠤᠨ ᠰᠠᠭᠠᠲᠠᠵᠤ ᠪᠠᠶᠢᠭ᠎ᠠ ᠰᠠᠶᠢᠬᠠᠨ ᠴᠠᠭ ᠢᠶᠠᠷ ᠮᠤᠩᠭᠤᠯ ᠮᠤᠷᠢᠨ ᠤ ᠴᠤᠴᠠᠯᠲᠠ ᠥᠭᠡᠢ ᠵᠤᠷᠢᠭ ᠢ ᠠᠭᠤᠯᠤᠭᠰᠠᠨ ᠪᠠᠶᠠᠯᠢᠭ ᠠᠭᠤᠯᠭ᠎ᠠ ᠪᠦᠬᠦᠢ ᠠᠵᠢᠯᠯᠠᠭ᠎ᠠ ᠡᠬᠡ ᠨᠤᠲᠤᠭ ᠤᠨ ᠮᠠᠨᠢ ᠴᠢᠬᠢᠨ ᠤ ᠴᠢᠮᠡᠭ ᠪᠤᠯᠵᠤ ᠲᠤᠭᠤᠯᠲᠠᠨ᠎ᠠ᠃      ᠰᠠᠶ᠋ᠢᠬᠠᠨ ᠰᠦᠨᠢᠳ ᠪᠠᠷᠠᠭᠤᠨ ᠬᠤᠰᠢᠭᠤᠨ ᠤ ᠰᠠᠶᠢᠬᠠᠨᠲᠠᠯ᠎ᠠ ᠪᠠᠯᠭᠠᠰᠤᠨ ᠤ ᠨᠤᠮᠢᠨᠲᠠᠯ᠎ᠠ ᠭᠠᠴᠠᠭᠠᠨ ᠤ ᠬᠠᠪᠰᠤᠷᠤᠨ ᠲᠡᠳᠬᠦᠭᠰᠡᠨ ᠨᠢᠭᠡᠴᠡ ᠬᠤᠰᠢᠭᠤ ᠬᠦᠳᠡᠭᠡ ᠤᠷᠤᠨ ᠢ ᠬᠦᠭᠵᠢᠭᠦᠯᠥᠨ ᠮᠠᠨᠳᠤᠭᠤᠯᠬᠤ ᠲᠤᠪᠴᠢᠶᠠᠨ ᠤ ᠎ ᠬᠢᠨ ᠲᠤᠰ ᠭᠠᠴᠠᠭᠠᠨ ᠤ 2017 ᠤᠨ ᠠᠴᠠ ᠨᠠᠰᠢᠬᠢ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠪᠠ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠥᠷ᠎ᠡ ᠪᠦᠲᠦᠭᠡᠯ ᠢ ᠬᠦᠳᠡᠭᠡ ᠤᠷᠤᠨ ᠢ ᠬᠦᠭᠵᠢᠭᠦᠯᠥᠨ ᠮᠠᠨᠳᠤᠭᠤᠯᠬᠤ ᠠᠵᠢᠯ ᠲᠠᠢ ᠪᠦᠲᠦᠮᠵᠢᠲᠠᠢ ᠠᠮᠠ ᠰᠡᠭᠡᠷ ᠵᠤᠯᠭᠠᠭᠤᠯᠵᠤ ᠪᠦᠬᠦᠢ ᠠᠭᠤᠯᠠᠭ᠎ᠠ ᠲᠠᠢ ᠤᠷᠤᠨ ᠨᠤᠲᠤᠭ ᠤᠨ ᠠᠯᠪᠠᠨ ᠰᠦᠯᠵᠢᠶ᠎ᠡ᠂ ᠠᠶᠢᠮᠠᠭ ᠤᠨ ᠲᠡᠰ ᠠᠴᠠ ᠲᠡᠭᠡᠭᠰᠢᠬᠢ ᠷᠠᠳᠢᠤ᠋ ᠲᠧᠯᠸᠢᠰ ᠰᠤᠨᠢᠨ ᠮᠡᠳᠡᠭᠡᠨ ᠤ ᠵᠠᠭᠤᠴᠢᠯᠠᠭᠤᠷ ᠎ ᠲᠤ ᠨᠡᠶᠢᠲᠡᠯᠡᠭᠲᠡᠭᠰᠡᠨ ᠡᠬᠡ ᠪᠢᠴᠢᠭ ᠵᠢᠷᠤᠭᠲᠤ ᠮᠡᠳᠡᠭᠡᠯᠡᠯ ᠢᠶᠠᠨ ︽ᠨᠤᠮᠢᠨᠲᠠᠯ᠎ᠠ ᠶᠢᠨ ᠥᠵᠡᠰᠬᠦᠯᠡᠩ︾ ᠬᠡᠭᠦ ᠭᠠᠷᠴᠠᠭ ᠢᠶᠠᠷ ᠡᠮᠬᠢᠯᠡᠨ ᠲᠡᠪᠲᠡᠷᠯᠡᠵᠦ ᠨᠤᠮᠢᠨᠲᠠᠯ᠎ᠠ ᠭᠠᠴᠠᠭᠠᠨ ᠤ ᠨᠤᠮ ᠤᠨ ᠥᠷᠦᠭᠡᠨ ᠳᠤ ᠪᠡᠯᠭᠡᠯᠡᠨ ᠬᠦᠷᠭᠡᠬᠦ ᠠᠵᠢᠯᠯᠠᠭ᠎ᠠ ᠥᠷᠨᠢᠭᠦᠯᠥᠭᠰᠡᠨ ᠪᠠᠶᠢᠨ᠎ᠠ᠃ ᠡᠭᠦᠨ ᠤ ᠲᠠᠭᠠᠤ ︽ᠰᠢᠯᠢ ᠶᠢᠨ ᠭᠤᠤᠯ︾ ᠰᠡᠳᠬᠦᠯ ᠤᠨ ᠰᠦᠨᠢᠳ ᠪᠠᠷᠠᠭᠤᠨ ᠬᠤᠰᠢᠭᠤᠨ ᠤ ᠨᠡᠮᠡᠯᠲᠡ ᠳ᠋ᠤᠭᠠᠷ ᠰᠡᠳᠬᠦᠯ ᠢ ᠲᠠᠷᠬᠠᠭᠠᠭᠰᠠᠨ ᠪᠠᠶᠢᠨ᠎ᠠ᠃       ᠠᠵᠢᠯᠯᠠᠭᠠᠨ ᠳᠤ ᠰᠠᠶᠢᠬᠠᠨᠲᠠᠯ᠎ᠠ ᠪᠠᠯᠭᠠᠰᠤᠨ ᠤ ᠨᠠᠮ ᠤᠨ ᠬᠤᠷᠢᠶᠠᠨ ᠤ ᠲᠤᠰᠬᠠᠢ ᠲᠤᠰᠢᠶᠠᠯᠲᠦ ᠱᠦᠵᠢ᠂ ᠪᠠᠯᠭᠠᠰᠤᠨ ᠤ ᠤᠬᠠᠭᠤᠯᠬᠤ ᠬᠡᠰᠢᠭᠦᠨ᠂ ᠭᠠᠴᠠᠭᠠᠨ ᠳᠤ ᠲᠤᠮᠢᠯᠠᠭᠳᠠᠭᠰᠠᠨ ᠨᠢᠭᠡᠳᠦᠭᠡᠷ ᠱᠦᠵᠢ᠂ ᠨᠤᠮᠢᠨᠲᠠᠯ᠎ᠠ ᠭᠠᠴᠠᠭᠠᠨ ᠤ ᠬᠤᠶᠠᠷ ᠵᠥᠪᠯᠡᠯ ᠤᠨ ᠬᠢᠨ ᠵᠢᠴᠢ ᠭᠡᠰᠡᠭ ᠪᠦᠯᠥᠭ ᠮᠠᠯᠴᠢᠳ ᠤᠷᠤᠯᠴᠠᠭᠰᠠᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号