ᠬᠤᠶᠠᠳᠤᠭᠠᠷ ᠤᠳᠠᠭᠠᠨ ᠤ ︽ᠢᠷᠠᠭᠤ ᠤᠳᠬ᠎ᠠ︾ ᠤᠳᠤᠨ ᠪᠠᠭᠠᠴᠤᠳ ᠤᠨ ᠮᠦᠩᠭᠦᠨ ᠮᠧᠳᠠᠯᠳᠤ ᠤᠷᠠᠨ ᠤᠩᠰᠢᠯᠭ᠎ᠠ ᠶᠢᠨ ᠤᠷᠤᠯᠳᠤᠭᠠᠨ ᠠᠮᠵᠢᠯᠳᠠᠳᠠᠢ ᠪᠤᠯᠵᠤ ᠦᠩᠭᠡᠷᠡᠯ᠎ᠡ
ᠨᠡᠶᠢᠲᠡᠯᠡᠭᠰᠡᠨ ᠴᠠᠭ᠄
2024/1/31
    ᠬᠤᠰᠢᠭᠤ ᠰᠤᠶᠤᠯ ᠤᠨ ᠤᠷᠳᠤᠨ ᠠᠴᠠ ᠭᠤᠤᠯᠯᠠᠨ ᠡᠷᠬᠢᠯᠡᠵᠦ᠂ ᠮᠠᠨ ᠤ ᠬᠤᠰᠢᠭᠤᠨ ᠤ ︽ᠢᠷᠠᠭᠤ ᠤᠳᠬ᠎ᠠ ︾ ᠰᠤᠷᠭᠠᠯᠳᠠ ᠶᠢᠨ ᠠᠩᠭᠢ ᠠᠴᠠ ᠳᠠᠭᠠᠭᠠᠴᠢᠯᠠᠨ ᠡᠷᠬᠢᠯᠡᠭᠰᠡᠨ ᠬᠤᠶᠠᠳᠤᠭᠠᠷ ᠤᠳᠠᠭᠠᠨ ᠤ ︽ᠢᠷᠠᠭᠤ ᠤᠳᠬ᠎ᠠ︾ ᠤᠳᠤᠨ ᠪᠠᠭᠠᠴᠤᠳ ᠤᠨ ᠮᠦᠩᠭᠦᠨ ᠮᠧᠳᠠᠯᠳᠤ ᠤᠷᠠᠨ ᠤᠩᠰᠢᠯᠭ᠎ᠠ ᠶᠢᠨ ᠤᠷᠤᠯᠳᠤᠭᠠᠨ ᠲᠦᠷᠦᠭᠦᠬᠡᠨ ᠬᠤᠰᠢᠭᠤ ᠺᠢᠨᠤ᠋ ᠤᠷᠳᠤᠨ ᠳᠤ ᠠᠮᠵᠢᠯᠳᠠᠳᠠᠢ ᠪᠠᠭ᠋ᠠᠷᠬᠠᠯᠳᠠᠢ ᠰᠠᠶᠢᠬᠠᠨ ᠪᠤᠯᠵᠤ ᠦᠩᠭᠡᠷᠡᠯ᠎ᠡ᠃    ᠤᠷᠤᠯᠳᠤᠭᠠᠨ ᠳᠤ᠂  ᠮᠠᠨ ᠤ ᠬᠤᠰᠢᠭᠤᠨ ᠤ ᠡᠯ᠎ᠡ ᠴᠡᠴᠡᠷᠯᠢᠭ ᠰᠤᠷᠭᠠᠭᠤᠯᠢ ᠶᠢᠨ ᠪᠠᠭᠠᠴᠤᠳ ᠠᠴᠠ ᠭᠠᠳᠠᠨ᠎ᠠ ᠂ ᠡᠷᠢᠶᠡᠨ ᠬᠤᠳᠠ᠂ ᠲᠦᠷᠪᠡᠳ᠂ ᠠᠪᠠᠭ᠎ᠠ᠂ ᠦᠵᠦᠮᠴᠢᠨ᠂ ᠵᠡᠬᠦᠨ ᠰᠦᠨᠢᠳ᠂ ᠬᠦᠪᠡᠭᠡᠳᠦ ᠰᠢᠷ᠎ᠡ᠂ ᠰᠢᠯᠤᠭᠤᠨ ᠬᠦᠬᠡ᠂  ᠰᠢᠯᠤᠭᠤᠨ ᠬᠦᠪᠡᠭᠡᠳᠦ ᠴᠠᠭᠠᠨ ᠬᠤᠰᠢᠭᠤ ᠵᠡᠷᠭᠡ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠶᠡᠷᠡᠭᠡᠳ ᠬᠦᠬᠡᠷᠦᠬᠦᠨ ᠪᠠᠭᠠᠴᠤᠳ ᠢᠳᠡᠪᠬᠢᠯᠡᠨ ᠤᠷᠤᠯᠴᠠᠵᠤ᠂ ᠶᠡᠭᠡ᠂ ᠳᠤᠮᠳᠠ᠂ ᠪᠠᠭ᠎ᠠ ᠤᠨ ᠤ ᠭᠤᠷᠪᠠᠨ ᠳᠤᠭᠤᠶᠢᠯᠠᠩ ᠬᠤᠪᠢᠶᠠᠨ ᠶᠠᠪᠤᠭᠳᠠᠭᠤᠯᠵᠤ᠂ ᠪᠢᠴᠢᠬᠠᠨ ᠠᠪᠢᠶᠠᠰᠳᠠᠳ ᠮᠠᠨᠢ ᠬᠡᠯᠡ ᠶᠠᠷᠢᠶᠠᠨ ᠤ ᠢᠷᠠᠭᠤ ᠪᠠᠶᠠᠯᠢᠭ᠂ ᠤᠷᠠᠨ ᠢᠯᠡᠳᠭᠡᠯ ᠤᠨ ᠭᠠᠶᠢᠬᠠᠮᠰᠢᠭ ᠢ ᠬᠤᠷᠠᠭᠰᠠᠨ ᠤᠯᠠᠨ ᠳᠤ ᠳᠡᠯᠭᠡᠨ᠂  ᠤᠯᠤᠰ ᠦᠨᠳᠦᠰᠦᠳᠡᠨ ᠤ ᠢᠷᠡᠭᠡᠳᠦᠢ ᠪᠤᠯᠤᠭᠰᠠᠨ ᠰᠢᠨ᠎ᠡ ᠴᠠᠭ ᠤᠨ ᠰᠤᠳᠤᠨ ᠪᠠᠭᠠᠴᠤᠳ ᠤᠨ ᠴᠤᠭ ᠵᠢᠪᠬᠤᠭ᠎ᠠ ᠶᠢ ᠪᠠᠳᠠᠷᠠᠭᠤᠯᠤᠯ᠎ᠠ᠃     ᠤᠷᠤᠯᠳᠤᠭᠠᠨ ᠤ ᠳ᠋ᠦᠩ ᠳᠤ᠂ ᠳᠤᠭᠤᠶᠢᠯᠠᠩ ᠪᠦᠷᠢ ᠶᠢᠨ  ᠲᠡᠷᠢᠬᠦᠨ ᠳᠤ 1 ᠨᠡᠷ᠎ᠡ᠂  ᠳᠡᠳ᠋ ᠲᠤ 2 ᠨᠡᠷ᠎ᠡ᠂ ᠭᠤᠷᠪᠠᠳᠤᠭᠠᠷ ᠲᠤ 3 ᠨᠡᠷ᠎ᠡ ᠰᠢᠯᠭᠠᠷᠠᠭᠤᠯᠤᠨ᠂ ᠰᠢᠯᠢᠳᠡᠭ ᠳᠡᠰ ᠲᠤ 12 ᠨᠡᠷ᠎ᠡ ᠰᠢᠯᠭᠠᠷᠠᠭᠤᠯᠤᠨ ᠱᠠᠩᠨᠠᠨ ᠤᠷᠮᠠᠰᠢᠭᠤᠯᠵᠤ᠂  ᠤᠷᠤᠯᠳᠤᠭᠠᠨ ᠳᠤ ᠤᠷᠤᠯᠴᠠᠭᠰᠠᠨ ᠬᠡᠦᠬᠡᠳ ᠪᠦᠬᠦᠨ ᠳᠤ ᠨᠤᠮ ᠤᠨ ᠪᠡᠯᠡᠭ ᠭᠠᠷᠳᠠᠭᠤᠯᠤᠭᠰᠠᠨ ᠶᠤᠮ᠃ ᠶᠡᠭᠡ ᠤᠨ ᠤ ᠳᠤᠭᠤᠶᠢᠯᠠᠩ᠄ᠲᠡᠷᠢᠬᠦᠨ᠄  ᠠᠪᠠᠭ᠎ᠠ ᠬᠤᠰᠢᠭᠤᠨ ᠤ ᠳᠤᠤᠯᠠᠬᠤᠶᠠᠳᠤᠭᠠᠷ᠄  ᠠᠪᠠᠭ᠎ᠠ ᠬᠤᠰᠢᠭᠤᠨ ᠤ ᠪᠠᠶᠠᠷᠰᠠᠶᠢᠬᠠᠨ  ᠂  ᠠᠷᠤᠷ᠎ᠠ ᠭᠤᠷᠪᠠᠳᠤᠭᠠᠷ᠄  ᠬᠤᠰᠢᠭᠤ ᠳᠠᠪᠤᠳᠤᠭᠠᠷ ᠪᠠᠭ᠎ᠠ ᠰᠤᠷᠭᠠᠭᠤᠯᠢ ᠶᠢᠨ ᠢᠷᠭᠤᠢ              ᠭᠤᠷᠪᠠᠳᠤᠭᠠᠷ ᠪᠠᠭ᠎ᠠ ᠰᠤᠷᠭᠠᠭᠤᠯᠢ ᠶᠢᠨ ᠨᠠᠮᠤᠷ᠎ᠠ              ᠬᠦᠪᠡᠭᠡᠳᠦ ᠰᠢᠷ᠎ᠠ ᠬᠤᠰᠢᠭᠤᠨ ᠤ ᠠᠩᠵᠢᠯ ᠳᠤᠮᠳᠠ ᠤᠨ ᠤ ᠳᠤᠭᠤᠶᠢᠯᠠᠩ᠄ᠲᠡᠷᠢᠬᠦᠨ᠄  ᠠᠪᠠᠭ᠎ᠠ ᠬᠤᠰᠢᠭᠤᠨ ᠤ  ᠴᠡᠯᠮᠡᠬᠦᠨᠬᠤᠶᠠᠳᠤᠭᠠᠷ᠄   ᠬᠦᠪᠡᠭᠡᠳᠦ ᠰᠢᠷ᠎ᠠ ᠬᠤᠰᠢᠭᠤᠨ ᠤ ᠲᠡᠮᠡᠦᠯᠦᠨ᠂ ᠲᠡᠮᠦᠭᠡᠭᠤᠷᠪᠠᠳᠤᠭᠠᠷ᠄  ᠵᠡᠬᠦᠨ ᠦᠵᠦᠮᠴᠢᠨ ᠬᠤᠰᠢᠭᠤᠨ ᠤ ᠬᠦᠰᠡᠯ              ᠬᠦᠪᠡᠭᠡᠳᠦ ᠰᠢᠷ᠎ᠠ ᠬᠤᠰᠢᠭᠤᠨ ᠤ  ᠭᠡᠭᠡᠨᠬᠦ᠋ᠰᠡᠯ              ᠵᠡᠬᠦᠨ ᠰᠦᠨᠢᠳ ᠬᠤᠰᠢᠭᠤᠨ ᠤ ᠤᠳᠤᠨᠳᠤᠨᠤᠯ ᠪᠠᠭ᠎ᠠ ᠤᠨ ᠤ ᠳᠤᠭᠤᠶᠢᠯᠠᠩ᠄ᠲᠡᠷᠢᠬᠦᠨ᠄  ᠠᠪᠠᠭ᠎ᠠ ᠬᠤᠰᠢᠭᠤᠨ ᠤ ᠴᠠᠮᠢᠩᠭᠤᠸ᠎ᠠᠬᠤᠶᠠᠳᠤᠭᠠᠷ᠄  ᠬᠤᠰᠢᠭᠤ ᠨᠠᠷᠠᠨᠪᠤᠯᠠᠭ ᠴᠡᠴᠡᠷᠯᠢᠭ ᠤᠨ ᠠᠨᠤᠳᠠᠷᠢ᠂ ᠠᠨᠤᠵᠢᠨᠭᠤᠷᠪᠠᠳᠤᠭᠠᠷ᠄  ᠬᠤᠰᠢᠭᠤ ᠨᠠᠷᠠᠨᠪᠤᠯᠠᠭ ᠴᠡᠴᠡᠷᠯᠢᠭ ᠤᠨ ᠰᠠᠬᠢᠶ᠎ᠠ᠂  ᠳᠤᠩᠭᠠᠯᠠᠭᠳᠠᠮᠢᠷ              ᠬᠤᠰᠢᠭᠤ ᠨᠢᠭᠡᠳᠦᠭᠡᠷ ᠴᠡᠴᠡᠷᠯᠢᠭ ᠤᠨ ᠡᠩᠭᠡᠲᠦ᠋ᠯᠦ      ᠤᠨᠴᠠᠯᠠᠨ ᠳᠤᠷᠠᠳᠤᠭᠤᠰᠢᠳᠠᠢ ᠨᠢ᠂ ᠳᠤᠮᠳᠠ ᠤᠨ ᠤ ᠳᠤᠭᠤᠶᠢᠯᠠᠩ ᠤᠨ ᠲᠡᠷᠢᠬᠦᠨ ᠴᠡᠯᠮᠡᠬᠦᠨ᠂ ᠪᠠᠭ᠎ᠠ ᠤᠨ ᠎ ᠤ ᠳᠤᠭᠤᠶᠢᠯᠠᠩ ᠤᠨ ᠲᠡᠷᠢᠬᠦᠨ ᠴᠠᠮᠢᠩᠭᠤᠸ᠎ᠠ ᠪᠤᠯ ᠲᠦᠷᠦᠭᠰᠡᠨ ᠡᠬᠡᠴᠢ ᠳᠡᠭᠦᠦ ᠪᠠᠶᠢᠵᠤ᠂  ᠳᠤᠮᠳᠠ ᠤᠨ ᠤ ᠳᠤᠭᠤᠶᠢᠯᠠᠩ ᠤᠨ ᠬᠤᠶᠠᠳᠤᠭᠠᠷ ᠲᠤ ᠳᠤᠳᠤᠷᠠᠭᠰᠠᠨ ᠲᠡᠮᠡᠦᠯᠦᠨ᠂ ᠳᠡᠮᠦᠭᠡ ᠬᠤᠶᠠᠷ ᠪᠤᠯ ᠢᠬᠢᠷ᠎ᠡ ᠲᠦᠷᠦᠭᠰᠡᠨ ᠡᠭᠡᠴᠢ ᠳᠡᠬᠦᠦ  ᠪᠠᠶᠢᠭᠰᠠᠨ ᠨᠢ ᠦᠵᠡᠭᠴᠢᠳ ᠤᠯᠠᠨ ᠢ ᠭᠠᠶᠢᠬᠠᠨ ᠪᠠᠭ᠋ᠠᠳᠤᠭᠤᠯᠤᠭᠰᠠᠨ ᠶᠤᠮ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号