︽ᠵᠢᠱᠢᠶᠡᠴᠢ ᠶᠢ ᠬᠦᠨᠳᠦᠳᠬᠡᠵᠦ᠂ ᠳᠠᠭᠤᠷᠢᠶᠠᠯ ᠬᠦᠴᠦᠨ ᠢ ᠪᠠᠳᠠᠷᠠᠭᠤᠯᠤᠶ᠎ᠠ︾ 2022 — 2023 ᠤᠨ ᠤ ᠪᠦᠬᠦ ᠬᠤᠰᠢᠭᠤᠨ ᠤ ᠰᠠᠶᠢᠴᠤᠤᠯ ᠢ ᠰᠢᠯᠭᠠᠷᠠᠭᠤᠯᠤᠨ ᠬᠦᠬᠢᠬᠦᠯᠬᠦ ᠶᠤᠰᠤᠯᠠᠯ ᠶᠠᠪᠤᠭᠳᠠᠭᠰᠠᠨ
ᠨᠡᠶᠢᠲᠡᠯᠡᠭᠰᠡᠨ ᠴᠠᠭ᠄
2024/1/4
     1 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠬᠤᠰᠢᠭᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠠᠴᠠ ᠭᠤᠣᠯᠯᠠᠨ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠣᠶᠤᠨ ᠤ ᠪᠣᠯᠪᠠᠰᠤᠨ ᠤ ᠠᠯᠪᠠᠨ ᠭᠡᠷ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠤᠶᠢᠯᠡᠴᠢᠯᠡᠭᠡᠨ ᠤ ᠲᠥᠪ᠂ ᠬᠠᠮ ᠵᠠᠭᠤᠴᠢᠯᠠᠭᠤᠷ ᠤᠨ ᠲᠥᠪ᠂ ᠤᠯᠠᠭᠠᠨᠮᠥ᠋ᠴᠢᠷ ᠬᠠᠮᠲᠤᠷᠠᠨ ᠡᠷᠬᠢᠯᠡᠭᠰᠡᠨ ︽ᠵᠢᠱᠢᠶᠡᠴᠢ ᠶᠢ ᠬᠦᠨᠳᠦᠳᠬᠡᠵᠦ᠂ ᠳᠠᠭᠤᠷᠢᠶᠠᠯ ᠬᠦᠴᠦᠨ ᠢ ᠪᠠᠳᠠᠷᠠᠭᠤᠯᠤᠶ᠎ᠠ︾ 2022 — 2023 ᠤᠨ ᠤ ᠪᠦᠬᠦ ᠬᠤᠰᠢᠭᠤᠨ ᠤ ᠰᠠᠶᠢᠴᠤᠤᠯ ᠢ ᠰᠢᠯᠭᠠᠷᠠᠭᠤᠯᠤᠨ ᠬᠦᠬᠢᠬᠦᠯᠬᠦ ᠶᠤᠰᠤᠯᠠᠯ ᠬᠤᠰᠢᠭᠤ ᠺᠢᠨᠣ᠋ ᠤᠷᠳᠤᠨ ᠳᠤ ᠶᠠᠪᠤᠭᠳᠠᠵᠠᠢ᠃      ᠱᠠᠩᠨᠠᠯ ᠣᠯᠭᠤᠬᠤ ᠶᠣᠰᠣᠯᠠᠯ ᠤᠯᠠᠭᠠᠨᠮᠥ᠋ᠴᠢᠷ ᠤᠨ ᠳᠤᠭᠯᠠᠭᠴᠢᠳ ᠤᠨ ᠨᠠᠶᠢᠷᠠᠯ ᠬᠥᠭᠵᠢᠮ ᠤᠨ ᠠᠶᠠᠰ ᠳᠤᠮᠳᠠ ᠬᠥᠰᠢᠭᠡ ᠪᠠᠨ ᠰᠡᠬᠦᠵᠦ᠂ ᠬᠤᠰᠢᠭᠤ ᠤᠳᠤᠷᠢᠳᠤᠯᠭ᠎ᠠ ᠴᠧᠨ ᠢᠦᠢ ᠴᠧᠩ᠂ ᠲᠡᠮᠦᠷ᠂ ᠹᠠᠨ ᠶᠢᠤ ᠴᠢᠶᠠᠩ᠂ ᠯᠦ ᠮᠢᠨ᠂ ᠳᠤᠯᠭᠠᠭᠤᠷᠢ᠂ ᠼᠦᠩ ᠮᠧᠶ᠂ ᠵᠦᠩ ᠭᠦᠸᠧ ᠸᠧᠢ᠂ ᠳᠠᠯᠠᠨᠪᠠᠶᠠᠷ᠂ ᠰᠦᠩ ᠬᠤᠩ ᠪᠢᠨ᠂ ᠪᠠᠶᠠᠷ ᠶᠣᠰᠣᠯᠠᠯ ᠳᠤ ᠣᠷᠣᠯᠴᠠᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠤᠬᠠᠭᠤᠯᠬᠤ ᠬᠡᠯᠳᠡᠰ ᠤᠨ ᠳᠠᠷᠤᠭ᠎ᠠ ᠼᠦᠩ ᠮᠧᠶ ᠶᠣᠰᠣᠯᠠᠯ ᠳᠤ ᠪᠠᠶᠠᠷ ᠤᠨ ᠶᠠᠷᠢᠶ᠎ᠠ ᠬᠢᠵᠦ᠂  ᠶᠣᠰᠣ ᠰᠤᠷᠲᠠᠬᠤᠨ ᠤ ᠵᠢᠱᠢᠶᠡᠴᠢ᠂ ᠬᠠᠮᠤᠭ ᠤᠨ ᠭᠤᠶᠣ ᠬᠥᠮᠥᠰ ᠢ ᠰᠢᠯᠭᠠᠷᠠᠭᠤᠯᠬᠤ ᠰᠢᠷᠢᠰ ᠠᠵᠢᠯᠯᠠᠭ᠎ᠠ ᠶᠢ ᠦᠷᠭᠦᠯᠵᠢᠯᠡᠨ ᠪᠠᠶᠢᠩᠭᠤᠵᠢᠭᠤᠯᠤᠨ ᠦᠷᠨᠢᠬᠦᠯᠵᠦ᠂ ᠡᠯ᠎ᠡ ᠠᠵᠢᠯ ᠲᠥᠷᠥᠯ ᠤᠨ ᠬᠢᠨ ᠤ ᠰᠠᠶᠢᠨ ᠦᠢᠯᠡ ᠠᠵᠢᠯᠯᠠᠭ᠎ᠠ  ᠶᠢ ᠪᠦᠬᠦ ᠲᠠᠯ᠎ᠠ  ᠪᠠᠷ ᠠᠭᠤᠳᠠᠯᠵᠤ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠣᠯᠠᠨ ᠲᠦᠮᠡᠨ ᠢ ᠵᠣᠷᠢᠭᠵᠢᠭᠤᠯᠤᠨ ᠳᠠᠶᠢᠴᠢᠯᠠᠵᠤ ᠂ ᠪᠥᠬᠦ ᠬᠤᠰᠢᠭᠤᠨ ᠤ ᠪᠣᠯᠪᠠᠰᠤᠨ ᠬᠡᠪ ᠰᠤᠷᠲᠠᠯ ᠢ ᠤᠯᠠᠮ ᠢᠯᠡᠭᠦᠦ ᠢᠯᠡᠷᠡᠭᠦᠯᠵᠦ᠂ ᠪᠣᠯᠪᠠᠰᠤᠨ ᠦᠢᠯᠡᠳᠦᠯᠭᠡ ᠶᠢ ᠨᠠᠩ ᠪᠠᠶᠠᠯᠢᠭ ᠪᠣᠯᠭᠠᠨ᠂ ᠪᠤᠯᠪᠠᠰᠤᠨ ᠤ ᠪᠠᠶᠢᠭᠤᠯᠤᠯᠳᠠ ᠶᠢ ᠨᠠᠩ ᠪᠦᠲᠦᠮᠵᠢᠲᠡᠶ ᠠᠬᠢᠭᠤᠯᠵᠤ᠂ ᠳᠠᠭᠤᠷᠢᠶᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠪᠣᠯᠪᠠᠰᠤᠨ ᠪᠠᠷᠠᠭᠤᠨ ᠰᠦᠨᠢᠳ︾ ᠤᠨ ᠨᠡᠷ᠎ᠡ ᠠᠯᠳᠠᠷ ᠢ ᠳᠠᠭᠤᠷᠢᠰᠤᠭᠤᠯᠬᠤ ᠶᠢ ᠬᠦᠰᠡᠵᠦ ᠪᠠᠶᠢᠨ᠎ᠠ ᠭᠡᠵᠡᠢ᠃      ᠠᠵᠢᠯᠯᠠᠭᠠᠨ ᠤ ᠠᠬᠤᠢ ᠳᠠᠯᠠᠪᠠᠢ ᠳᠤ᠂ ᠪᠦᠬᠦ ᠬᠤᠰᠢᠭᠤᠨ ᠤ ᠵᠢᠱᠢᠶᠡᠴᠢ ᠳᠠᠭᠤᠷᠢᠶᠠᠯ ᠬᠦᠮᠦᠰ ᠲᠦᠭᠦᠷᠡᠳᠡᠯ᠎ᠡ ᠰᠠᠭᠤᠵᠠᠭᠠᠵᠤ᠂ ᠳᠡᠳᠡᠨ ᠤ ᠬᠢᠭᠰᠡᠨ ᠰᠠᠶᠢᠨ ᠦᠢᠯᠡ᠂ ᠰᠡᠳᠬᠢᠯ ᠬᠦᠳᠡᠯᠭᠡᠮ᠎ᠡ ᠦᠯᠢᠭᠡᠷ ᠶᠡᠭᠡ ᠳᠠᠩᠭᠢᠮ ᠤᠨ ᠳᠡᠯᠭᠡᠴᠡᠨ ᠳᠤ ᠢᠯᠡᠷᠡᠵᠦ᠂ ᠪᠦᠬᠦ ᠬᠤᠰᠢᠭᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠶᠢ ᠪᠦᠬᠦ ᠲᠠᠯ᠎ᠠ ᠪᠠᠷ ᠳᠡᠯᠭᠡᠨ᠂ ᠠᠯᠠᠭ᠎ᠠ ᠳᠠᠰᠢᠯᠳᠠ ᠶᠢᠨ ᠲᠠᠭᠤᠨ ᠦᠷᠬᠦᠯᠵᠢᠯᠡᠵᠦ ᠪᠠᠶᠢᠯ᠎ᠠ᠃      ᠶᠤᠰᠤᠯᠠᠯ ᠳᠤ᠂ ᠪᠦᠬᠦ ᠬᠤᠰᠢᠭᠤᠨ ᠤ 15 ᠶᠣᠰᠣ ᠰᠤᠷᠲᠠᠬᠤᠨ ᠤ ᠵᠢᠱᠢᠶᠡᠴᠢ᠂ 14 ᠳᠡᠷᠭᠡᠳᠡᠬᠢ ᠰᠠᠶᠢᠨ ᠬᠥᠮᠥᠨ᠂ 21 ᠪᠣᠯᠪᠠᠰᠤᠨ ᠭᠡᠷ ᠪᠦᠯᠢ᠂ 17 ᠦᠵᠡᠰᠬᠦᠯᠡᠩᠲᠦ ᠰᠠᠶᠢᠬᠠᠨ ᠭᠡᠷ ᠣᠷᠣᠨ ᠤ ᠳᠠᠭᠤᠷᠢᠶᠠᠯ ᠡᠷᠦᠬᠡ᠂ 9 ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ᠂ 10 ᠪᠣᠯᠪᠠᠰᠤᠨ ᠰᠠᠭᠤᠭᠠᠯᠢ ᠲᠣᠭᠤᠷᠢᠭ᠂ 3 ᠬᠤᠶᠠᠷ ᠢ ᠬᠦᠷᠢᠶᠡᠯᠡᠬᠦ ᠵᠢᠱᠢᠶᠡᠴᠢ ᠨᠢᠭᠡᠴᠡ᠂ 2 ᠬᠤᠶᠠᠷ ᠢ ᠬᠦᠷᠢᠶᠡᠯᠡᠬᠦ ᠬᠤᠪᠢ ᠬᠦᠮᠦᠨ᠂ 10 ᠬᠠᠮᠤᠭ ᠤᠨ ᠭᠤᠶᠤ ᠴᠡᠷᠢᠭ ᠠᠴᠠ ᠬᠠᠯᠠᠭᠳᠠᠭᠰᠠᠳ᠂ 1 ᠬᠠᠮᠤᠭ ᠤᠨ ᠭᠤᠶᠤ ᠴᠡᠷᠢᠭ ᠤᠨ ᠭᠡᠷᠭᠡᠢ ᠶᠢ ᠱᠠᠩᠨᠠᠨ ᠤᠷᠮᠠᠰᠢᠭᠤᠯᠵᠤ᠂ ᠪᠣᠯᠪᠠᠰᠤᠨ ᠰᠤᠷᠲᠠᠯ ᠢ ᠪᠠᠳᠠᠷᠠᠭᠤᠯᠤᠯ᠎ᠠ᠃      ᠠᠵᠢᠯᠯᠠᠭᠠᠨ ᠤ ᠡᠴᠦᠰ ᠲᠤ᠂ ᠤᠯᠠᠨ ᠢᠶᠠᠷ ᠢᠶᠠᠨ ︽ᠪᠢ ᠡᠬᠡ ᠤᠷᠤᠨ ᠲᠠᠢ ᠪᠠᠨ︾ ᠬᠡᠬᠦ ᠳᠠᠭᠤᠤ ᠶᠢ ᠬᠠᠮᠳᠤᠪᠡᠷ ᠳᠠᠭᠤᠯᠠᠵᠤ᠂ ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠪᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠢᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号