ᠵᠢᠷᠦᠬᠡ ᠪᠠᠯᠭᠠᠰᠤᠨ ᠤ ᠪᠠᠶᠠᠨᠪᠤᠯᠠᠭ ᠭᠠᠴᠠᠭᠠᠨ ᠤ ᠳᠡᠳ᠋ ᠱᠦᠵᠢ᠂ ︽ᠠᠵᠠᠳᠠᠢ ᠠᠶᠢᠯ︾ ᠲᠠᠯ᠎ᠠ ᠨᠤᠲᠤᠭ ᠤᠨ | ᠨᠣᠮ ᠤᠨ ᠦᠷᠦᠭᠡᠨ ᠤ ᠬᠠᠮᠢᠶᠠᠷᠤᠭᠴᠢ ᠪᠠ᠊ · ᠰᠡᠴᠡᠨᠳᠤ ᠤᠯᠠᠨ ᠵᠢᠯ ᠤᠨ ᠳᠤᠷᠰᠢ ᠤᠩᠰᠢᠯᠭ᠎ᠠ ᠶᠢ ᠳᠡᠯᠭᠡᠷᠡᠬᠦᠯᠦᠨ᠂ | ᠬᠦᠳᠡᠭᠡ ᠤᠷᠤᠨ ᠨᠤᠳᠤᠭ ᠤᠨ ᠢᠶᠠᠨ ᠰᠤᠶᠤᠯᠵᠢᠯ᠂ ᠬᠦᠭᠵᠢᠯ ᠮᠠᠨᠳᠤᠯ ᠳᠤ ᠬᠦᠴᠦᠨ ᠢᠶᠠᠨ ᠡᠷᠭᠦᠭᠰᠡᠭᠡᠷ ᠢᠷᠡᠭᠰᠡᠨ | ᠶᠤᠮ᠃ ᠬᠤᠶᠠᠳᠤᠭᠠᠷ ᠬᠤᠭᠤᠴᠠᠭᠠᠨ ᠤ ᠪᠦᠬᠦ ᠠᠷᠠᠳ ᠤᠨ ᠤᠩᠰᠢᠯᠭ᠎ᠠ ᠶᠢᠨ ᠶᠡᠭᠡ ᠬᠤᠷᠠᠯ ᠤᠨ ᠤᠩᠰᠢᠯᠭ᠎ᠠ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠷᠢᠶᠠᠨ ᠤ ᠲᠠᠪᠴᠠᠩ ᠵᠢᠴᠢ 2023 ᠤᠨ ᠤ ︽ᠰᠢᠨ᠎ᠡ | ᠴᠠᠭ ᠦᠶ᠎ᠡ ᠶᠢᠨ ᠬᠥᠳᠡᠭᠡ ᠲᠣᠰᠬᠤᠨ ᠤ ᠤᠩᠰᠢᠯᠭ᠎ᠠ ᠶᠢᠨ ᠤᠯᠠᠷᠢᠯ︾ ᠳᠤ᠂ ᠲᠡᠷᠡ ︽ᠬᠥᠳᠡᠭᠡ ᠲᠣᠰᠬᠤᠨ ᠤ | ᠤᠩᠰᠢᠯᠭ᠎ᠠ ᠳᠡᠯᠭᠡᠷᠡᠭᠦᠯᠦᠭᠴᠢ︾ ᠶᠢᠨ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃ | ︽ᠠᠵᠠᠳᠠᠢ ᠠᠶᠢᠯ︾ ᠲᠠᠯ᠎ᠠ ᠨᠤᠲᠤᠭ ᠤᠨ ᠨᠣᠮ ᠤᠨ ᠦᠷᠦᠭᠡᠨ ᠳᠤ᠂ ᠲᠠᠷᠢᠶᠠᠯᠠᠩ ᠮᠠᠯ ᠠᠵᠤ ᠠᠬᠤᠢ ᠂ | ᠰᠢᠨᠵᠢᠯᠡᠬᠦ ᠤᠬᠠᠭᠠᠨ ᠮᠡᠷᠭᠡᠵᠢᠯ᠂ ᠪᠠᠭᠠᠴᠤᠳ ᠬᠡᠦᠬᠡᠳ᠂ ᠤᠳᠬ᠎ᠠ ᠤᠷᠠᠯᠢᠭ᠂ ᠬᠠᠤᠯᠢ ᠴᠠᠭᠠᠵᠠ ᠵᠡᠷᠭᠡ ᠲᠦᠷᠦᠯ | ᠪᠦᠷᠢ ᠶᠢᠨ ᠨᠤᠮ ᠪᠢᠴᠢᠭ ᠵᠢᠭᠳᠡᠷᠡᠨ᠂ ᠨᠤᠮ ᠳᠤ ᠪᠠᠭ᠋ᠠᠳᠠᠢ ᠮᠠᠯᠴᠢᠳ ᠳᠤᠷᠠᠳᠠᠢ ᠨᠤᠮ ᠢᠶᠠᠨ ᠠᠪᠴᠤ ᠦᠵᠡᠨ᠂ ᠨᠤᠮ | ᠰᠤᠶᠤᠯ ᠤᠨ ᠠᠭᠤᠷ ᠠᠮᠢᠰᠬᠤᠯ ᠦᠨᠢᠷ ᠦᠳᠭᠡᠨ ᠪᠠᠶᠢᠯ᠎ᠠ᠃ | ᠪᠠ᠊ · ᠰᠡᠴᠡᠨᠳᠤ ᠪᠣᠯ ᠵᠢᠷᠦᠬᠡ ᠪᠠᠯᠭᠠᠰᠤᠨ ᠤ ᠪᠠᠶᠠᠨᠪᠤᠯᠠᠭ ᠭᠠᠴᠠᠭᠠᠨ ᠤ ᠨᠠᠮ ᠤᠨ ᠡᠭᠦᠷ ᠤᠨ ᠳᠡᠳ᠋ ᠱᠦᠵᠢ᠂ | ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠴᠡᠭ ᠤᠨ | ᠬᠠᠷᠢᠭᠤᠴᠠᠯᠭᠠᠲᠠᠨ᠂ ︽ᠠᠵᠠᠳᠠᠢ ᠠᠶᠢᠯ︾ ᠲᠠᠯ᠎ᠠ ᠨᠤᠲᠤᠭ ᠤᠨ ᠨᠣᠮ ᠤᠨ ᠦᠷᠦᠭᠡᠨ ᠤ ᠬᠠᠮᠢᠶᠠᠷᠤᠭᠴᠢ ᠪᠣᠯᠣᠨ᠎ᠠ᠃ | 2014 ᠣᠨ ᠳᠤ ︽ᠠᠵᠠᠳᠠᠢ ᠠᠶᠢᠯ︾ ᠲᠠᠯ᠎ᠠ ᠨᠤᠲᠤᠭ ᠤᠨ ᠨᠣᠮ ᠤᠨ ᠥᠷᠥᠭᠡ ᠶᠢ ᠡᠭᠦᠳᠦᠨ | ᠪᠠᠶᠢᠭᠤᠯᠤᠭᠰᠠᠨ ᠠᠴᠠ ᠨᠠᠰᠢ᠂ ᠲᠡᠷᠡ ᠨᠣᠮ ᠤᠨ ᠦᠷᠦᠭᠡᠨ ᠤ ᠪᠠᠨ ᠬᠠᠮᠢᠶᠠᠷᠤᠯᠲᠠ᠂ ᠦᠢᠯᠡᠴᠢᠯᠡᠭᠡᠨ ᠤ ᠵᠠᠭᠪᠤᠷ ᠤᠨ | ᠰᠢᠨ᠎ᠡ ᠶᠢ ᠡᠭᠦᠳᠴᠦ᠂ ᠲᠠᠯ᠎ᠠ ᠨᠤᠲᠤᠭ ᠤᠨ ᠨᠣᠮ ᠤᠨ ᠦᠷᠦᠭᠡᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ | ᠭᠠᠴᠠᠭᠠᠨ ᠤ ᠵᠠᠯᠠᠭᠤᠴᠤᠳ ᠪᠠᠭᠠᠴᠤᠳ ᠤᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ᠂ ᠨᠠᠮ ᠤᠨ ᠭᠡᠰᠢᠭᠦᠨ | ᠺᠠᠳ᠋ᠷᠴᠤᠳ ᠤᠨ ᠲᠥᠪᠯᠡᠷᠡᠭᠦᠯᠦᠨ ᠰᠤᠷᠤᠯᠴᠠᠬᠤ ᠰᠠᠭᠤᠷᠢᠨ ᠭᠠᠵᠠᠷ ᠪᠤᠯᠭᠠᠨ ᠦᠷᠭᠡᠳᠬᠡᠵᠦ᠂ ᠳᠠᠯ᠎ᠠ ᠨᠤᠳᠤᠭ ᠤᠨ | ᠨᠤᠮ ᠤᠨ ᠦᠷᠦᠭᠡ ᠨᠢ ᠮᠠᠯᠴᠢᠨ ᠲᠦᠮᠡᠨ ᠳᠤ ᠦᠢᠯᠡᠴᠢᠯᠡᠬᠦ ᠬᠠᠯᠠᠭᠤᠨ ᠳᠤᠯᠠᠭᠠᠨ ᠭᠡᠷ ᠤᠷᠤᠨ ᠪᠤᠯᠤᠭᠰᠠᠨ ᠪᠠᠶᠢᠨ᠎ᠠ | ᠃ | ᠪᠠ᠊ · ᠰᠡᠴᠡᠨᠳᠤ ᠤᠷᠢᠳ ᠬᠤᠵᠢᠳ ︽ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ | ᠰᠣᠶᠣᠯ ᠤᠨ ᠵᠢᠱᠢᠶᠡᠴᠢ ᠡᠷᠦᠬᠡ︾ ︽ᠰᠢᠯᠢ ᠶᠢᠨ ᠭᠤᠣᠯ ᠠᠶᠢᠮᠠᠭ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠲᠡᠷᠢᠭᠦᠨ ᠤ ᠬᠤᠪᠢ ᠬᠥᠮᠥᠨ︾᠂ ︽ᠰᠥᠨᠢᠳ ᠪᠠᠷᠠᠭᠤᠨ ᠬᠤᠰᠢᠭᠤᠨ ᠤ ᠮᠣᠩᠭᠤᠯ ᠬᠡᠯᠡ | ᠰᠤᠷᠴᠤ ᠬᠡᠷᠡᠭᠯᠡᠭᠰᠡᠨ ᠲᠡᠷᠢᠭᠦᠨ ᠤ ᠬᠤᠪᠢ ᠬᠥᠮᠥᠨ︾᠂ ︽ᠰᠥᠨᠢᠳ ᠪᠠᠷᠠᠭᠤᠨ ᠬᠤᠰᠢᠭᠤᠨ ᠤ ᠰᠠᠶᠢᠨ ᠰᠠᠶᠢᠬᠠᠨ | ᠭᠡᠷ ᠣᠷᠣᠨ ᠤ ᠵᠢᠱᠢᠶᠡᠴᠢ ᠡᠷᠦᠬᠡ︾᠂ ᠰᠢᠯᠢᠳᠡᠭ ᠨᠠᠮ ᠤᠨ ᠭᠡᠰᠢᠭᠦᠨ᠂ ᠰᠢᠯᠢᠳᠡᠭ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ᠂ ᠰᠢᠯᠢᠳᠡᠭ ᠤᠳᠬ᠎ᠠ ᠤᠷᠠᠯᠢᠭ ᠤᠨ ᠠᠵᠢᠯᠲᠠᠨ ᠵᠡᠷᠭᠡ ᠢᠷᠠᠭᠤ ᠠᠯᠳᠠᠷ ᠢ ᠬᠦᠷᠳᠡᠵᠦ᠂ | ᠲᠠᠯ᠎ᠠ ᠨᠤᠲᠤᠭ ᠤᠨ ᠨᠣᠮ ᠤᠨ ᠥᠷᠥᠭᠡ ᠨᠢ ︽ᠰᠥᠨᠢᠳ ᠪᠠᠷᠠᠭᠤᠨ ᠬᠤᠰᠢᠭᠤᠨ ᠤ ᠠᠷᠢᠭᠤᠨ ᠴᠢᠬᠡᠴᠢ ᠰᠣᠶᠣᠯ ᠤᠨ | ᠥᠷᠥᠭᠡ︾᠂ ︽ᠰᠥᠨᠢᠳ ᠪᠠᠷᠠᠭᠤᠨ ᠬᠤᠰᠢᠭᠤᠨ ᠤ ᠣᠨᠴᠠᠯᠢᠭᠲᠤ ᠨᠣᠮ ᠤᠨ ᠥᠷᠥᠭᠡ︾᠂ ︽ᠰᠥᠨᠢᠳ ᠪᠠᠷᠠᠭᠤᠨ | ᠬᠤᠰᠢᠭᠤᠨ ᠤ ᠬᠠᠮᠤᠭ ᠤᠨ ᠭᠤᠶᠣ ᠨᠣᠮ ᠤᠨ ᠥᠷᠥᠭᠡ︾᠂ ︽ᠨᠤᠮ ᠰᠤᠶᠤᠯᠳᠤ ᠰᠥᠨᠢᠳ︾᠂ ︽ᠰᠥᠨᠢᠳ | ᠪᠠᠷᠠᠭᠤᠨ ᠬᠤᠰᠢᠭᠤᠨ ᠤ ᠬᠤᠶᠠᠳᠤᠭᠠᠷ ᠬᠤᠭᠤᠴᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ | ᠤᠷᠤᠯᠳᠤᠭᠠᠨ ᠤ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ︾ ᠵᠡᠷᠭᠡ ᠢᠷᠠᠭᠤ ᠠᠯᠳᠠᠷ ᠢᠶᠠᠷ | ᠦᠨᠡᠯᠡᠭᠳᠡᠭᠰᠡᠨ ᠶᠤᠮ᠃ | ᠪᠠ᠊ · ᠰᠡᠴᠡᠨᠳᠤ ︵ᠮᠠᠨ ᠤ ︽ᠠᠵᠠᠳᠠᠢ ᠠᠶᠢᠯ︾ ᠲᠠᠯ᠎ᠠ ᠨᠤᠲᠤᠭ ᠤᠨ ᠨᠣᠮ ᠤᠨ ᠦᠷᠦᠭᠡ ᠨᠢ ᠮᠦᠨ ᠴᠦ | ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠴᠡᠭ ᠶᠤᠮ᠃ ᠬᠤᠶᠢᠰᠢᠳᠠ ᠴᠠᠭ ᠦᠶ᠎ᠡ ᠶᠢᠨ ᠵᠣᠷᠢᠭ | ᠰᠠᠨᠠᠭ᠎ᠠ ᠶᠢ ᠳᠠᠭᠠᠵᠤ᠂ ᠮᠠᠯᠴᠢᠨ ᠲᠦᠮᠡᠨ ᠳᠤ ᠪᠠᠨ ᠦᠢᠯᠡᠴᠢᠯᠡᠬᠦ᠂ ᠨᠣᠮ ᠪᠢᠴᠢᠭ ᠢᠯᠡᠬᠦᠬᠡᠨ ᠤᠩᠰᠢᠵᠤ᠂ ᠨᠤᠮ | ᠪᠢᠴᠢᠭ ᠲᠠᠢ ᠤᠶᠢᠷᠠᠬᠠᠨ ᠪᠠᠶᠢᠬᠤ ᠶᠢ ᠳᠠᠶᠢᠴᠢᠯᠠᠨ᠂ ᠡᠬᠦᠨ ᠤ ᠳᠠᠭᠠᠤ ᠳᠤ ᠦᠨᠳᠦᠰᠦᠲᠡᠨ ᠤ ᠪᠦᠯᠬᠦᠮᠳᠡᠯ ᠤᠨ | ᠠᠵᠢᠯ ᠢ ᠠᠬᠢᠭᠤᠯᠵᠤ᠂ ᠠᠷᠠᠳ ᠲᠦᠮᠡᠨ ᠤ ᠲᠦᠯᠦᠭᠡ ᠢᠯᠡᠬᠦᠦ ᠠᠵᠢᠯ ᠬᠢᠬᠦ ᠪᠠᠷ ᠴᠢᠷᠮᠠᠶᠢᠨ᠎ᠠ᠃︶ | ᠶᠡᠷᠦᠩᠬᠡᠢ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠠᠩᠬᠠᠳᠤᠭᠠᠷ ᠪᠦᠬᠦᠳᠡ ᠬᠤᠷᠠᠯ ᠳᠡᠭᠡᠷ᠎ᠡ ᠺᠠᠳ᠋ᠷᠴᠤᠳ ᠢ ᠴᠠᠭ ᠭᠠᠷᠭᠠᠵᠤ ᠰᠤᠷᠤᠯᠴᠠᠬᠤ ᠳᠠᠭᠠᠨ ᠴᠢᠳᠠᠮᠠᠭᠠᠢ ᠪᠠᠶᠢᠵᠤ᠂ | ᠰᠤᠷᠤᠯᠴᠠᠯᠭ᠎ᠠ ᠶᠢ ᠨᠢᠭᠡ ᠵᠦᠢᠯ ᠤᠨ ᠬᠥᠭᠡᠭᠡᠴᠡᠯᠳᠦᠯ᠂ ᠨᠢᠭᠡ ᠵᠦᠢᠯ ᠤᠨ ᠳᠤᠷ᠎ᠠ ᠪᠠᠬ᠎ᠠ᠂ ᠨᠢᠭᠡ ᠵᠦᠢᠯ ᠤᠨ ᠡᠷᠡᠭᠦᠯ | ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠪᠣᠯᠭᠠᠪᠠᠯ ᠰᠠᠶ᠋ᠢ ᠬᠥᠮᠥᠨ ᠤ ᠠᠮᠢᠳᠤᠷᠠᠯ ᠪᠠ ᠠᠵᠢᠯ ᠦᠢᠯᠡᠰ ᠤᠨ | ᠠᠯᠤᠰ ᠤᠨ ᠵᠠᠮ ᠳᠤ ᠬᠦᠷᠴᠦ ᠴᠢᠳᠠᠨ᠎ᠠ ᠭᠡᠵᠦ ᠵᠤᠷᠢᠭᠵᠢᠭᠤᠯᠤᠭᠰᠠᠨ ᠶᠤᠮ᠃ ᠪᠠ᠊ · ᠰᠡᠴᠡᠨᠳᠦ ᠦᠷᠭᠦᠯᠵᠢ ᠨᠠᠮ ᠤᠨ | ᠭᠡᠰᠢᠭᠦᠨ ᠢ ᠵᠣᠬᠢᠶᠠᠨ ᠪᠠᠶᠢᠭᠤᠯᠤᠨ ᠳᠠᠭᠠᠭᠤᠯᠵᠤ ︽ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ +︾᠂ | ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ︾᠂ ︽ | ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡ︾ ᠵᠡᠷᠭᠡ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ | ᠥᠷᠨᠢᠭᠦᠯᠵᠦ᠂ ᠨᠠᠮ ᠤᠨ ᠲᠥᠷᠥ ᠶᠢᠨ ᠪᠣᠳᠣᠯᠭ᠎ᠠ ᠶᠢᠨ ᠣᠨᠣᠯ ᠢ ᠪᠠᠶᠢᠩᠭᠤ ᠤᠯᠠᠮᠵᠢᠯᠠᠵᠤ᠂ ᠵᠢᠱᠢᠶ᠎ᠡ ᠦᠵᠡᠭᠦᠯᠦᠨ | ᠳᠠᠭᠠᠭᠤᠯᠬᠤ ᠦᠢᠯᠡᠳᠦᠯ ᠢᠶᠠᠨ ᠮᠠᠰᠢ ᠰᠠᠶᠢᠨ ᠪᠠᠳᠠᠷᠠᠭᠤᠯᠵᠤ᠂ ᠨᠠᠮ ᠪᠠ ᠤᠯᠤᠰ ᠤᠨ ᠠᠷᠠᠳ ᠲᠤ ᠠᠰᠢᠭ ᠬᠦᠷᠲᠡᠭᠡᠬᠦ | ᠴᠢᠭᠯᠡᠯᠲᠡ ᠲᠥᠷᠥ ᠶᠢᠨ ᠪᠣᠳᠣᠯᠭ᠎ᠠ ᠶᠢ ᠲᠡᠷᠡ ᠳᠠᠷᠤᠢ ᠳᠤᠨᠢ ᠨᠠᠮ ᠤᠨ ᠭᠡᠰᠢᠭᠦᠨ ᠮᠠᠯᠴᠢᠳ ᠲᠤ ᠤᠯᠠᠮᠵᠢᠯᠠᠳᠠᠭ᠃ | ᠨᠣᠮ ᠤᠩᠰᠢᠬᠤ ᠠᠭᠤᠷ ᠠᠮᠢᠰᠬᠤᠯ ᠢ ᠨᠡᠩ ᠰᠠᠶᠢᠨ ᠪᠤᠶ ᠪᠣᠯᠭᠠᠬᠤ ᠶᠢᠨ ᠲᠥᠯᠥᠭᠡ᠂ ᠲᠡᠷᠡ ᠮᠡᠳᠡᠯᠭᠡ ᠶᠢᠨ | ᠤᠷᠤᠯᠳᠤᠭᠠᠨ᠂ ᠨᠣᠮ ᠳᠠᠨᠢᠯᠴᠠᠭᠤᠯᠬᠤ ᠤᠷᠤᠯᠳᠤᠭᠠᠨ᠂ ᠳᠡᠬᠦᠰᠬᠦ ᠰᠤᠷᠤᠭᠴᠢᠳ ᠤᠨ ᠵᠤᠰᠠᠯᠠᠩ ᠤᠨ ᠠᠵᠢᠯᠯᠠᠭ᠎ᠠ᠂ | ᠳᠡᠯᠡᠬᠡᠢ ᠶᠢᠨ ᠨᠣᠮ ᠤᠩᠰᠢᠬᠤ ᠡᠳᠦᠷ ᠤᠨ ᠠᠵᠢᠯᠯᠠᠭ᠎ᠠ ᠵᠡᠷᠭᠡ ᠭᠤᠣᠯ ᠰᠡᠳᠦᠪᠲᠦ ᠤᠩᠰᠢᠯᠭ᠎ᠠ ᠶᠢᠨ ᠠᠵᠢᠯᠯᠠᠭ᠎ᠠ ᠶᠢ | ᠪᠠᠶᠢᠩᠭᠤ ᠵᠣᠬᠢᠶᠠᠨ ᠪᠠᠶᠢᠭᠤᠯᠤᠨ ᠦᠷᠨᠢᠬᠦᠯᠵᠦ᠂ ᠤᠬᠠᠭᠤᠯᠤᠨ ᠲᠠᠶᠢᠯᠪᠤᠷᠢᠯᠠᠬᠤ᠂ ᠰᠤᠷᠤᠯᠴᠠᠯᠭ᠎ᠠ ᠬᠦᠷᠭᠡᠬᠦ ᠵᠡᠷᠭᠡ | ᠠᠷᠭ᠎ᠠ ᠬᠡᠯᠪᠡᠷᠢ ᠪᠠᠷ ᠨᠠᠰᠤᠳᠠᠨ ᠪᠤᠭᠤᠷᠤᠯᠴᠤᠳ᠂ ᠶᠠᠪᠤᠵᠤ ᠰᠠᠭᠤᠬᠤ ᠳᠤ ᠲᠦᠭᠦᠮ ᠦᠬᠡᠢ ᠬᠦᠮᠦᠰ᠂ ᠰᠣᠶᠣᠯ | ᠤᠨ ᠬᠡᠮᠵᠢᠶ᠎ᠡ ᠳᠣᠣᠷ᠎ᠠ ᠵᠡᠷᠭᠡ ᠬᠠᠮᠲᠦ ᠶᠢᠨ ᠰᠤᠷᠤᠯᠴᠠᠯᠭ᠎ᠠ ᠳᠤ ᠣᠷᠣᠯᠴᠠᠬᠤ ᠳᠤ ᠬᠦᠴᠢᠷᠲᠡᠢ ᠨᠠᠮ ᠤᠨ ᠭᠡᠰᠢᠭᠦᠨ | ᠤᠯᠠᠨ ᠲᠦᠮᠡᠨ ᠳᠤ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠲᠠᠶᠢᠯᠪᠤᠷᠢᠯᠠᠬᠤ ᠦᠢᠯᠡᠴᠢᠯᠡᠭᠡ ᠬᠠᠩᠭᠠᠵᠤ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠥᠰ ᠤᠨ | ᠰᠡᠳᠬᠢᠯ ᠳᠤ ᠬᠠᠳᠠᠩᠰᠢᠭᠤᠯᠪᠠ᠃ 2020 ᠣᠨ ᠠᠴᠠ ᠨᠠᠰᠢ᠂ ᠪᠠ᠊ · ᠰᠡᠴᠡᠨᠳᠤ ᠥᠩᠭᠡᠷᠡᠭᠰᠡᠨ ᠤ ᠦᠢᠯᠡᠴᠢᠯᠡᠭᠡᠨ ᠤ | ᠠᠭᠤᠯᠭ᠎ᠠ ᠶᠢᠨ ᠰᠠᠭᠤᠷᠢᠨ ᠳᠡᠭᠡᠷ᠎ᠡ᠂ ︽ᠭᠡᠷ ᠪᠦᠯᠢ ᠶᠢᠨ ᠨᠣᠮ ᠤᠩᠰᠢᠬᠤ︾ ᠠᠵᠢᠯᠯᠠᠭ᠎ᠠ ᠶᠢ ᠰᠦᠪᠡᠭᠴᠢᠯᠡᠨ | ᠬᠡᠷᠡᠭᠵᠢᠭᠦᠯᠵᠦ᠂ ᠭᠡᠷ ᠪᠦᠯᠢ ᠶᠢᠨ ᠣᠨᠢᠰᠤᠭ᠎ᠠ ᠳᠠᠭᠠᠬᠤ᠂ ᠭᠡᠷ ᠪᠦᠯᠢ ᠶᠢᠨ ᠨᠣᠮ ᠤᠩᠰᠢᠬᠤ ᠵᠡᠷᠭᠡ ᠠᠵᠢᠯᠯᠠᠭ᠎ᠠ ᠶᠢ | ᠥᠷᠨᠢᠭᠦᠯᠵᠦ᠂ ᠭᠡᠷ ᠪᠦᠯᠢ ᠶᠢᠨ ᠨᠣᠮ ᠤᠩᠰᠢᠬᠤ ᠠᠭᠤᠷ ᠠᠮᠢᠰᠬᠤᠯ ᠢᠶᠠᠷ ᠨᠡᠶᠢᠭᠡᠮ ᠤᠨ ᠨᠣᠮ ᠤᠩᠰᠢᠬᠤ ᠠᠭᠤᠷ | ᠠᠮᠢᠰᠬᠤᠯ ᠢ ᠳᠠᠶᠢᠴᠢᠯᠠᠨ᠂ ᠪᠥᠬᠦ ᠠᠷᠠᠳ ᠢᠶᠠᠷ ᠢᠶᠠᠨ ᠣᠷᠣᠯᠴᠠᠬᠤ᠂ ᠬᠠᠮᠲᠤ ᠪᠠᠷ ᠤᠩᠰᠢᠵᠤ ᠬᠠᠮᠲᠤ ᠪᠠᠷ ᠡᠳ᠋ᠯᠡᠬᠦ | ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ | ᠪᠠ᠊ · ᠰᠡᠴᠡᠨᠳᠤ ︵2023 ᠣᠨ ᠳᠤ ᠪᠥᠬᠦ ᠤᠯᠤᠰ ᠤᠨ ᠤᠩᠰᠢᠯᠭ᠎ᠠ ᠳᠡᠯᠭᠡᠷᠡᠭᠦᠯᠦᠭᠴᠢ ᠶᠢᠨ ᠢᠷᠠᠭᠤ | ᠠᠯᠳᠠᠷ ᠢ ᠬᠦᠷᠳᠡᠵᠡᠢ᠃ ᠡᠨᠡ ᠨᠢ ᠮᠥᠨ ᠴᠦ ᠮᠠᠨ ᠤ ᠡᠲᠡᠭᠡᠷ ᠵᠢᠯ ᠤᠳ ᠲᠤ ᠨᠣᠮ ᠤᠩᠰᠢᠬᠤ ᠠᠵᠢᠯᠯᠠᠭ᠎ᠠ ᠶᠢ | ᠥᠷᠨᠢᠭᠦᠯᠦᠭᠰᠡᠨ ᠬᠠᠮᠤᠭ ᠤᠨ ᠰᠠᠶᠢᠨ ᠦᠷ᠎ᠡ ᠳ᠋ᠦᠩ ᠮᠥᠨ᠂ ᠬᠤᠶᠢᠰᠢᠳᠠ ᠪᠢ ᠨᠣᠮ ᠤᠩᠰᠢᠬᠤ ᠠᠵᠢᠯᠯᠠᠭ᠎ᠠ ᠶᠢ | ᠨᠠᠩ ᠢᠯᠡᠭᠦᠦ ᠴᠢᠷᠮᠠᠶᠢᠨ ᠥᠷᠨᠢᠭᠦᠯᠦᠨ᠎ᠡ᠃︶ | ︽ᠠᠵᠠᠳᠠᠢ ᠠᠶᠢᠯ︾ ᠨᠣᠮ ᠤᠨ ᠥᠷᠥᠭᠡ ᠨᠢ ᠦᠷᠬᠦᠯᠵᠢᠯᠡᠨ ᠲᠠᠯ᠎ᠠ ᠨᠤᠲᠤᠭ ᠤᠨ ᠨᠣᠮ ᠤᠨ ᠦᠷᠦᠭᠡᠨ ᠤ | ᠪᠦᠲᠦᠭᠡᠨ ᠪᠠᠶᠢᠭᠤᠯᠤᠯᠲᠠ ᠶᠢᠨ ᠠᠵᠢᠯ ᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠪᠦᠬᠦ | ᠬᠦᠴᠦᠨ ᠢᠶᠠᠷ ᠢᠶᠠᠨ ᠠᠬᠢᠭᠤᠯᠵᠤ᠂ ᠨᠣᠮ ᠤᠨ ᠦᠷᠦᠭᠡᠨ ᠤ ᠪᠦᠲᠦᠴᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ | ᠴᠢᠳᠠᠮᠵᠢ ᠶᠢ ᠥᠷᠭᠡᠳᠬᠡᠨ᠂ ᠤᠩᠰᠢᠯᠭ᠎ᠠ ᠶᠢᠨ ᠠᠵᠢᠯᠯᠠᠭ᠎ᠠ ᠶᠢ ᠦᠷᠭᠡᠨ ᠢᠶᠠᠷ ᠥᠷᠨᠢᠭᠦᠯᠵᠦ᠂ ︽ᠦᠵᠡᠯ | ᠰᠠᠨᠠᠭ᠎ᠠ ᠶᠢ ᠴᠢᠩᠭᠠᠳᠬᠠᠬᠤ︾ ᠪᠠ ︽ᠠᠷᠠᠳ ᠤᠨ ᠠᠮᠢᠳᠤᠷᠠᠯ ᠢ ᠰᠠᠶᠢᠵᠢᠷᠠᠭᠤᠯᠬᠤ︾ ᠶᠢ ᠵᠡᠷᠭᠡ ᠪᠠᠷ | ᠴᠢᠬᠤᠯᠠᠴᠢᠯᠠᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢ ᠠᠷᠠᠳ ᠣᠯᠠᠨ ᠤ ᠳᠡᠷᠭᠡᠳᠡᠬᠢ ᠨᠣᠮ ᠤᠩᠰᠢᠬᠤ ᠳᠤ | ᠲᠥᠬᠦᠮ᠂ ᠴᠢᠳᠠᠮᠵᠢ ᠪᠦᠷᠢᠨ᠂ ᠠᠭᠤᠯᠭ᠎ᠠ ᠪᠠᠶᠠᠯᠢᠭ᠂ ᠬᠡᠯᠪᠡᠷᠢ ᠣᠯᠠᠨ᠂ ᠦᠢᠯᠡᠴᠢᠯᠡᠭᠡ ᠳᠤ ᠣᠶᠢᠷᠠᠲᠤᠭᠰᠠᠨ | ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠠᠷᠤᠨᠲ ᠪᠣᠯᠭᠠᠵᠤ᠂ ᠬᠥᠳᠡᠭᠡ ᠲᠣᠰᠬᠤᠨ ᠤ ᠰᠤᠶᠤᠯᠵᠢᠯ᠂ | ᠬᠦᠭᠵᠢᠯ ᠮᠠᠨᠳᠤᠯ ᠳᠤ ᠬᠦᠴᠦᠨ ᠨᠡᠮᠡᠷᠢᠯᠡᠵᠦ᠂ ᠲᠠᠯ᠎ᠠ ᠨᠤᠲᠤᠭ ᠤᠨ ᠮᠠᠯᠴᠢᠨ ᠲᠦᠮᠡᠨ ᠳᠤ ᠤᠶᠤᠨ ᠤ ᠰᠢᠮ᠎ᠡ ᠶᠢ | ᠬᠦᠷᠳᠡᠭᠡᠬᠦ ᠪᠤᠯᠤᠨ᠎ᠠ᠃ |