2024 ᠣᠨ ᠤ ᠰᠥᠨᠢᠳ ᠪᠠᠷᠠᠭᠤᠨ ᠬᠤᠰᠢᠭᠤᠨ ᠤ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠲᠦᠷᠦᠯ ᠵᠦᠢᠯ ᠤᠨ ᠰᠠᠨᠠᠯ ᠢ ᠡᠯᠰᠡᠨ ᠴᠤᠭᠯᠠᠭᠤᠯᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/1/5
        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠠᠬᠢᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠤᠯᠭᠠᠨ᠂ ᠴᠢᠨᠠᠷᠯᠢᠭ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ︽ᠲᠠᠪᠤᠨ ᠶᠡᠭᠡ ᠡᠭᠦᠷᠭᠡ︾᠎ ᠶᠢ ᠰᠠᠶᠢᠲᠤᠷ ᠪᠡᠶᠡᠯᠡᠭᠦᠯᠬᠦ ᠪᠤᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠠᠢ ᠨᠢᠭᠲᠠ ᠤᠶᠠᠯᠳᠤᠭᠤᠯᠤᠨ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠬᠦᠴᠦᠲᠡᠶ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠠᠷᠠᠳᠴᠢᠯᠠᠯᠲᠠ ᠪᠠ ᠰᠢᠨᠵᠢᠯᠡᠬᠦ ᠤᠬᠠᠭᠠᠨᠴᠢᠯᠠᠯᠲᠠ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠯᠠᠨ ᠲᠦᠮᠡᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠳᠤ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠵᠦ᠂ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠪᠣᠳᠠᠲᠠᠶ ᠠᠷᠠᠳ ᠤᠨ ᠠᠮᠢᠳᠤᠷᠠᠯ ᠤᠨ ᠠᠰᠠᠭᠤᠳᠠᠯ ᠢ ᠦᠨᠡᠨ ᠬᠦ ᠰᠢᠢᠳᠪᠦᠷᠢᠯᠡᠵᠦ ᠂ ᠣᠯᠠᠨ ᠲᠦᠮᠡᠨ ᠳᠤ ᠨᠠᠩ ᠰᠠᠶᠢᠨ ᠢᠶᠠᠷ ᠪᠣᠳᠠᠲᠠᠶ ᠠᠵᠢᠯ ᠬᠢᠵᠦ᠂ ᠠᠰᠢᠭ ᠬᠦᠷᠲᠡᠭᠡᠬᠦ ᠶᠢᠨ ᠲᠥᠯᠥᠭᠡ᠂ ᠰᠥᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠡᠶᠢᠭᠡᠮ ᠳᠤ ᠬᠠᠨᠳᠤᠭᠤᠯᠤᠨ 2024 ᠣᠨ ᠤ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠲᠦᠷᠦᠯ ᠵᠦᠢᠯ ᠤᠨ ᠰᠠᠨᠠᠯ ᠢ ᠢᠯᠡ ᠪᠠᠷ ᠡᠯᠰᠡᠨ ᠴᠤᠭᠯᠠᠭᠤᠯᠵᠤ ᠪᠠᠶᠢᠨ᠎ᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄

ᠨᠢᠭᠡ᠂ ᠡᠯᠰᠡᠬᠦ ᠴᠠᠭ

ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 2024 ᠣᠨ ᠤ 1 ᠰᠠᠷ᠎ᠠ ᠶᠢᠨ 19᠎ ᠤ ᠡᠳᠦᠷ ᠤᠨ

ᠦᠳᠡ ᠶᠢᠨ ᠬᠤᠶᠢᠨ᠎ᠠ ᠬᠦᠷᠲᠡᠯ᠎ᠡ ᠡᠯᠰᠡᠨ᠎ᠡ᠃

ᠬᠤᠶᠠᠷ᠂ ᠡᠯᠰᠡᠬᠦ ᠠᠷᠭ᠎ᠠ ᠵᠠᠮ ᠪᠠ ᠬᠦᠷᠢᠶ᠎ᠡ ᠬᠡᠪᠴᠢᠶ᠎ᠡ

︵ᠨᠢᠭᠡ︶ ᠨᠡᠶᠢᠭᠡᠮ ᠠᠴᠠ ᠡᠯᠰᠡᠨ ᠴᠤᠭᠯᠠᠭᠤᠯᠤᠨ᠎ᠠ᠃ ᠸᠢᠴᠠᠲ ᠤᠨ ᠤᠯᠠᠨ ᠨᠡᠶᠢᠲᠡ ᠶᠢᠨ ᠳ᠋ᠤᠭᠠᠷ᠂ ᠲᠧᠯᠸᠢᠰ

ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠨᠡᠶᠢᠭᠡᠮ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ

ᠰᠠᠨᠠᠯ ᠢ ᠥᠷᠭᠡᠨ ᠢᠶᠠᠷ ᠬᠤᠷᠢᠶᠠᠨ᠎ᠠ᠃

︵ᠬᠤᠶᠠᠷ︶ ᠡᠯ᠎ᠡ ᠭᠠᠴᠠᠭᠠᠨ ᠤ ᠮᠠᠯᠴᠢᠨ ᠲᠦᠮᠡᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠ ︽ᠬᠤᠶᠠᠷ

ᠲᠥᠯᠥᠭᠡᠯᠡᠭᠴᠢ ᠨᠢᠭᠡ ᠭᠡᠰᠢᠭᠦᠨ︾᠎ ᠠᠴᠠ ᠡᠯᠰᠡᠨ ᠴᠤᠭᠯᠠᠭᠤᠯᠤᠨ᠎ᠠ᠃ ᠡᠯ᠎ᠡ ᠭᠠᠴᠠᠭ᠎ᠠ᠂ ᠨᠡᠶᠢᠭᠡᠮ

ᠲᠣᠭᠤᠷᠢᠭ ᠤᠨ ᠬᠢᠨ ᠰᠠᠭᠤᠳᠠᠯ ᠤᠨ ᠬᠤᠷᠠᠯ ᠬᠢᠬᠦ᠂ ᠪᠠᠶᠢᠴᠠᠭᠠᠨ ᠰᠤᠳᠤᠯᠤᠯᠲᠠ ᠬᠢᠬᠦ᠂ ᠠᠰᠠᠭᠤᠨ ᠯᠠᠪᠯᠠᠬᠤ ᠵᠡᠷᠭᠡ

ᠣᠯᠠᠨ ᠵᠦᠶ᠋ᠯ ᠤᠨ ᠬᠡᠯᠪᠡᠷᠢ ᠪᠠᠷ ᠮᠠᠯᠴᠢᠳ᠂ ᠰᠠᠭᠤᠭᠠᠯᠢ ᠠᠷᠠᠳ ᠵᠢᠴᠢ ᠡᠯ᠎ᠡ ᠱᠠᠲᠤᠨ ᠤ ᠨᠠᠮ ᠤᠨ ᠲᠥᠯᠥᠭᠡᠯᠡᠭᠴᠢ᠂

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ

ᠭᠡᠰᠢᠭᠦᠳ ᠤᠨ ᠰᠠᠨᠠᠯ ᠢ ᠥᠷᠭᠡᠨ ᠢᠶᠠᠷ ᠬᠤᠷᠢᠶᠠᠨ᠎ᠠ᠃

ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠡᠷᠦᠩᠬᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ

ᠦᠨᠳᠦᠰᠦᠯᠡᠨ᠂ ︽ᠴᠢᠳᠠᠯ ᠤᠨ ᠬᠢᠷᠢ ᠪᠠᠷ ᠢᠶᠠᠨ ᠬᠢᠵᠦ᠂ ᠪᠥᠬᠦ ᠬᠦᠴᠦᠨ ᠢᠶᠠᠷ ᠢᠶᠠᠨ ᠴᠢᠷᠮᠠᠶᠢᠬᠤ︾ ᠵᠠᠷᠴᠢᠮ ᠢ

ᠪᠠᠷᠢᠮᠲᠠᠯᠠᠨ᠂ ᠠᠷᠠᠳ ᠣᠯᠠᠨ ᠳᠤ ᠨᠠᠩ ᠣᠯᠠᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠲᠠᠢ

ᠪᠣᠯᠭᠠᠬᠤ ᠪᠠᠷ ᠭᠤᠤᠯᠳᠠᠯᠭ᠎ᠠ ᠲᠠᠢ ᠣᠯᠠᠨ ᠲᠦᠮᠡᠨ ᠤ ᠦᠢᠯᠡᠳᠪᠦᠷᠢᠯᠡᠯ᠂ ᠠᠮᠢᠳᠤᠷᠠᠯ ᠲᠠᠢ ᠨᠢᠭᠲᠠ ᠬᠤᠯᠪᠣᠭ᠎ᠠ ᠲᠠᠢ

ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠲᠣᠬᠢᠷᠠᠭᠤᠯᠤᠨ᠎ᠠ᠃ ᠡᠭᠦᠨ ᠳᠤ ᠭᠤᠤᠯᠳᠠᠭᠤ

᠄ ᠠᠵᠢᠯ ᠣᠯᠭᠤᠬᠤ ᠪᠤᠯᠪᠠᠰᠤᠷᠠᠯ ᠰᠤᠷᠭᠠᠯᠲᠠ᠂ ᠰᠤᠷᠭᠠᠨ ᠬᠥᠮᠦᠵᠢᠯ ᠤᠨ ᠦᠢᠯᠡᠰ᠂ ᠡᠮ ᠡᠮᠨᠡᠯᠭᠡ ᠡᠷᠡᠭᠦᠯ

ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠣᠷᠣᠨ ᠰᠠᠭᠤᠴᠠ ᠶᠢᠨ

ᠪᠠᠲᠤᠯᠠᠭ᠎ᠠ᠂ ᠰᠣᠶᠣᠯ ᠤᠨ ᠪᠠᠶᠢᠭᠤᠯᠤᠯᠲᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠡᠪᠡᠳᠴᠢᠨ ᠡᠮᠭᠡᠭ ᠢ

ᠰᠡᠷᠭᠡᠶᠢᠯᠡᠨ ᠡᠵᠡᠮᠳᠡᠬᠦ᠂ ᠬᠤᠲᠠ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ᠂ ᠶᠠᠳᠠᠭᠤ ᠶᠢ ᠲᠡᠳᠬᠦᠨ

ᠬᠦᠴᠢᠷᠳᠡᠯᠲᠡᠶ ᠶᠢ ᠬᠠᠪᠰᠤᠷᠤᠨ ᠲᠤᠰᠠᠯᠠᠬᠤ᠂ ᠤᠤᠭᠤᠬᠤ ᠤᠰᠤᠨ ᠤ ᠠᠮᠤᠷ ᠲᠦᠪᠰᠢᠨ᠂ ᠵᠠᠮ ᠬᠠᠷᠢᠯᠴᠠᠭ᠎ᠠ

ᠲᠡᠭᠡᠭᠡᠪᠦᠷᠢ᠂ ᠴᠠᠬᠢᠯᠭᠠᠨ ᠬᠦᠴᠦᠨ ᠤ ᠪᠠᠲᠤᠯᠠᠭ᠎ᠠ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠠᠵᠤ ᠦᠢᠯᠡᠰ ᠤᠨ

ᠬᠥᠭᠵᠢᠯᠲᠡ ᠵᠡᠷᠭᠡ ᠲᠠᠯ᠎ᠠ ᠪᠠᠭᠲᠠᠨ᠎ᠠ᠃

ᠳᠥᠷᠪᠡ᠂ ᠡᠯᠰᠡᠬᠦ ᠱᠠᠭᠠᠷᠳᠠᠯᠭ᠎ᠠ

︵ᠨᠢᠭᠡ︶ ᠲᠦᠷᠦᠯ ᠵᠦᠢᠯ ᠤᠨ ᠠᠵᠢᠯᠯᠠᠬᠤ  ᠴᠢᠨᠠᠷ ᠴᠢᠩᠭ᠎ᠠ ᠪᠠᠶᠢᠬᠤ ᠬᠡᠷᠡᠭᠲᠡᠢ᠃ ᠲᠥᠷᠥᠯ ᠵᠦᠢᠯ ᠳᠤ ᠨᠡᠷᠡᠶᠢᠳᠦᠯ᠂

ᠠᠭᠤᠯᠭ᠎ᠠ᠂ ᠬᠡᠷᠡᠭᠵᠢᠭᠦᠯᠬᠦ ᠭᠤᠤᠯ ᠴᠣᠭᠴᠠ᠂ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ᠂ ᠪᠠᠯᠠ ᠮᠥᠩᠭᠦ ᠶᠢᠨ

ᠢᠷᠡᠯᠲᠡ ᠵᠢᠴᠢ ᠪᠤᠰᠤᠳ ᠬᠠᠩᠭᠠᠬᠤ ᠴᠢᠬᠤᠯᠠᠲᠠᠶ ᠠᠭᠤᠯᠭ᠎ᠠ ᠶᠢ ᠪᠠᠭᠲᠠᠭᠠᠬᠤ ᠬᠡᠷᠡᠭᠲᠡᠶ᠃

︵ᠬᠤᠶᠠᠷ︶ ᠲᠦᠷᠦᠯ ᠵᠦᠢᠯ ᠤᠨ ᠲᠦᠯᠦᠭᠡᠯᠡᠬᠦ ᠴᠢᠨᠠᠷ ᠴᠢᠩᠭ᠎ᠠ ᠪᠠᠶᠢᠬᠤ ᠬᠡᠷᠡᠭᠲᠡᠢ᠃ ᠲᠥᠷᠥᠯ ᠵᠦᠢᠯ ᠤᠨ

ᠪᠠᠶᠢᠷᠢᠯᠠᠭᠤᠯᠤᠯᠲᠠ ᠶᠢᠨ ᠲᠠᠯ᠎ᠠ ᠪᠠᠷ ᠲᠦᠯᠦᠭᠡᠯᠡᠬᠦ ᠴᠢᠨᠠᠷᠲᠠᠶ᠂ ᠪᠦᠬᠦ ᠲᠠᠯ᠎ᠠ ᠶᠢᠨ ᠴᠢᠨᠠᠷᠲᠠᠶ ᠵᠢᠴᠢ ᠬᠠᠮᠤᠷᠬᠤ

ᠬᠡᠪᠴᠢᠶ᠎ᠡ᠂ ᠠᠰᠢᠭ ᠬᠦᠷᠲᠡᠬᠦ ᠬᠡᠪᠴᠢᠶ᠎ᠡ ᠥᠷᠭᠡᠨ ᠪᠠᠶᠢᠬᠤ ᠬᠡᠷᠡᠭᠲᠡᠶ᠃

︵ᠭᠤᠷᠪᠠ︶ ᠲᠥᠷᠥᠯ ᠵᠦᠢᠯ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠬᠤ ᠬᠡᠷᠡᠭᠲᠡᠢ᠃ ᠪᠠᠯᠠ

ᠮᠥᠩᠭᠦ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠦᠷᠢᠯᠳᠦᠭᠦᠯᠵᠦ᠂ ᠮᠠᠨ ᠤ

ᠬᠤᠰᠢᠭᠤᠨ ᠤ ᠪᠣᠳᠠᠲᠠᠶ ᠪᠠᠶᠢᠳᠠᠯ ᠢ ᠭᠦᠢᠴᠡᠳ ᠪᠣᠳᠣᠯᠬᠢᠯᠠᠨ᠂ ᠴᠢᠳᠠᠯ ᠤᠨ ᠬᠢᠷᠢ ᠪᠠᠷ ᠢᠶᠠᠨ ᠡᠳ᠋ ᠤᠨ ᠬᠦᠴᠦᠨ ᠢᠶᠠᠨ

ᠲᠥᠪᠯᠡᠷᠡᠭᠦᠯᠦᠨ ᠰᠠᠶᠢᠨ ᠶᠠᠪᠤᠳᠠᠯ᠂ ᠪᠣᠳᠠᠲᠠᠶ ᠠᠵᠢᠯ ᠬᠢᠬᠦ ᠬᠡᠷᠡᠭᠲᠡᠶ᠃

︵ᠲᠦᠷᠪᠡ︶ ᠲᠦᠷᠦᠯ ᠵᠦᠢᠯ ᠤᠨ ᠡᠵᠡᠮᠳᠡᠵᠦ ᠪᠤᠯᠬᠤ ᠴᠢᠨᠠᠷ ᠴᠢᠩᠭ᠎ᠠ ᠪᠠᠶᠢᠬᠤ ᠬᠡᠷᠡᠭᠲᠡᠢ᠃ ᠪᠦᠲᠦᠭᠡᠨ

ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭᠠᠨ ᠤ ᠲᠠᠯ᠎ᠠ ᠪᠠᠷ ᠡᠵᠡᠮᠳᠡᠵᠦ ᠪᠣᠯᠬᠤᠶᠢᠴᠠ ᠴᠢᠨᠠᠷ ᠢ ᠪᠦᠷᠢᠯᠳᠦᠭᠦᠯᠵᠦ᠂

ᠡᠩ ᠤᠨ ᠪᠠᠶᠢᠳᠠᠯ ᠳᠤ ᠲᠤᠬᠠᠶ ᠶᠢᠨ ᠵᠢᠯ ᠳᠤ ᠪᠡᠶᠡᠯᠡᠭᠦᠯᠦᠭᠰᠡᠨ ᠪᠤᠶᠤ ᠱᠠᠲᠤ ᠦᠶ᠎ᠡ ᠶᠢᠨ ᠴᠢᠨᠠᠷᠲᠠᠶ ᠦᠷ᠎ᠡ

ᠪᠦᠲᠦᠮᠵᠢ ᠣᠯᠬᠤ ᠬᠡᠷᠡᠭᠲᠡᠶ᠃

ᠲᠠᠪᠤ᠂ ᠲᠠᠭᠯᠠᠨ ᠮᠡᠳᠡᠭᠦᠯᠬᠦ ᠱᠠᠭᠠᠷᠳᠠᠯᠭ᠎ᠠ ᠵᠢᠴᠢ ᠬᠠᠷᠢᠯᠴᠠᠬᠤ ᠠᠷᠭ᠎ᠠ ᠮᠠᠶ᠋ᠢᠭ

︵ᠨᠢᠭᠡ︶ ᠨᠡᠶᠢᠭᠡᠮ ᠳᠤ ᠬᠠᠨᠳᠤᠭᠤᠯᠤᠨ ᠴᠤᠭᠯᠠᠭᠤᠯᠤᠭᠰᠠᠨ ᠲᠥᠷᠥᠯ ᠵᠦᠢᠯ᠃ ᠰᠠᠨᠠᠭᠤᠯᠭ᠎ᠠ ᠶᠢᠨ ᠲᠦᠷᠦᠯ ᠵᠦᠢᠯ ᠢ

︽ᠰᠥᠨᠢᠳ ᠪᠠᠷᠠᠭᠤᠨ ᠬᠤᠰᠢᠭᠤᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ

ᠰᠠᠨᠠᠭᠤᠯᠭ᠎ᠠ ᠶᠢᠨ ᠲᠦᠷᠦᠯ ᠵᠦᠢᠯ ᠢ ᠴᠤᠭᠯᠠᠭᠤᠯᠬᠤ ᠬᠦᠰᠦᠨᠦᠭ︾᠎ ᠤᠨ ᠱᠠᠭᠠᠷᠳᠠᠯᠭ᠎ᠠ ᠶᠣᠰᠣᠭᠠᠷ ᠲᠠᠭᠯᠠᠨ

ᠮᠡᠳᠡᠭᠦᠯᠬᠦ ᠬᠡᠷᠡᠭᠲᠡᠢ᠃ ︵ᠳᠠᠭᠠᠯᠳᠤᠭᠤᠯᠤᠯ ᠬᠦᠰᠦᠨᠦᠭ ᠢ ᠨᠠᠷᠢᠨ ᠦᠵᠡᠭᠡᠷᠡᠢ︶ ᠰᠡᠭᠦᠯᠡᠷ᠂ ᠲᠣᠭᠲᠠᠭᠰᠠᠨ

ᠰᠢᠤᠳᠠᠨ ᠤ ᠬᠠᠶᠢᠷᠴᠠᠭ ᠲᠤ ᠢᠯᠡᠭᠡᠨ᠎ᠡ᠃

︵ᠬᠤᠶᠠᠷ︶ ᠡᠯ᠎ᠡ ᠭᠠᠴᠠᠭᠠᠨ ᠤ ᠮᠠᠯᠴᠢᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠ ︽ᠬᠤᠶᠠᠷ

ᠲᠥᠯᠥᠭᠡᠯᠡᠭᠴᠢ ᠨᠢᠭᠡ ᠭᠡᠰᠢᠭᠦᠨ︾᠎ ᠤ ᠴᠤᠭᠯᠠᠭᠤᠯᠤᠭᠰᠠᠨ ᠲᠥᠷᠥᠯ ᠵᠦᠢᠯ᠃ ᠡᠯ᠎ᠡ ᠭᠠᠴᠠᠭ᠎ᠠ᠂ ᠨᠡᠶᠢᠭᠡᠮ

ᠲᠣᠭᠤᠷᠢᠭ ᠤᠨ ᠴᠤᠭᠯᠠᠭᠤᠯᠤᠭᠰᠠᠨ ᠰᠠᠨᠠᠭᠤᠯᠭ᠎ᠠ ᠶᠢᠨ ᠲᠥᠷᠥᠯ ᠵᠦᠢᠯ ᠢ ᠬᠢᠨᠠᠨ ᠬᠠᠷᠭᠤᠭᠤᠯᠵᠤ ᠨᠤᠲᠠᠯᠠᠭᠰᠠᠨ ᠤ

ᠳᠠᠷᠠᠭ᠎ᠠ᠂ ᠡᠯ᠎ᠡ ᠰᠤᠮᠤ ᠪᠠᠯᠭᠠᠰᠤᠨ ᠳᠤ ᠮᠡᠳᠡᠭᠦᠯᠦᠨ ᠬᠦᠷᠭᠡᠵᠦ᠂ ᠡᠯ᠎ᠡ ᠰᠤᠮᠤ ᠪᠠᠯᠭᠠᠰᠤ ᠴᠢᠩᠭ᠎ᠠ ᠬᠢᠨᠠᠨ

ᠬᠠᠷᠢᠭᠤᠴᠠᠵᠤ᠂ ᠨᠠᠷᠢᠨ ᠬᠢᠨᠠᠮᠠᠭᠠᠶ ᠰᠤᠳᠤᠯᠤᠭᠰᠠᠨ ᠤ ᠳᠠᠷᠠᠭ᠎ᠠ᠂ ᠠᠯᠪᠠᠨ ᠪᠢᠴᠢᠭ ᠮᠠᠲ᠋ᠧᠷᠢᠶᠠᠯ ᠤᠨ ᠬᠡᠯᠪᠡᠷᠢ ᠪᠠᠷ ︵

︽2024 ᠣᠨ ᠤ ᠰᠥᠨᠢᠳ ᠪᠠᠷᠠᠭᠤᠨ ᠬᠤᠰᠢᠭᠤᠨ ᠤ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠲᠥᠷᠥᠯ

ᠵᠦᠢᠯ ᠤᠨ ᠰᠠᠨᠠᠯ ᠢ ᠡᠯᠰᠡᠨ ᠴᠤᠭᠯᠠᠭᠤᠯᠬᠤ ᠬᠦᠰᠦᠨᠦᠭ︾᠎ ᠢ ᠳᠠᠭᠠᠯᠳᠤᠭᠤᠯᠪᠠ᠃︶ ᠬᠤᠰᠢᠭᠤ ᠵᠠᠰᠠᠭ ᠤᠨ

ᠣᠷᠳᠣᠨ ᠤ ᠠᠯᠪᠠᠨ ᠬᠡᠷ ᠤᠨ 510 ᠲᠠᠰᠤᠭ ᠲᠤ ᠬᠦᠷᠭᠡᠵᠦ᠂  ᠴᠠᠬᠢᠮ ᠬᠡᠯᠪᠡᠷᠢ ᠶᠢ ᠢᠮᠧᠯ᠄

sntyq2024msxm@126.com ᠎ ᠳᠤ ᠢᠯᠡᠭᠡᠬᠦ ᠬᠡᠷᠡᠭᠲᠡᠢ᠃

ᠳᠠᠭᠠᠯᠳᠤᠭᠤᠯᠤᠯ᠄ 2024 ᠣᠨ ᠤ ᠰᠥᠨᠢᠳ ᠪᠠᠷᠠᠭᠤᠨ ᠬᠤᠰᠢᠭᠤᠨ ᠤ ᠠᠷᠠᠳ ᠤᠨ ᠠᠮᠢᠳᠤᠷᠠᠯ ᠳᠤ

ᠬᠤᠯᠪᠤᠭᠳᠠᠭᠰᠠᠨ ᠲᠥᠷᠥᠯ ᠵᠦᠢᠯ ᠤᠨ ᠰᠠᠨᠠᠯ ᠢ ᠡᠯᠰᠡᠨ ᠴᠤᠭᠯᠠᠭᠤᠯᠬᠤ ᠬᠦᠰᠦᠨᠦᠭ

        ᠰᠥᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ

            2024 ᠣᠨ ᠤ 1 ᠰᠠᠷ᠎ᠠ ᠶᠢᠨ 5᠎ ᠤ ᠡᠳᠦᠷ

 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号