ᠪᠡᠭᠡᠵᠢᠩ ᠦᠪᠦᠷ ᠮᠣᠩᠭᠤᠯ ᠤᠨ ᠰᠣᠶᠣᠯ ᠤᠨ ᠰᠤᠯᠢᠯᠴᠠᠭᠠᠨ ᠤ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠭᠰᠠᠨ
ᠨᠡᠶᠢᠲᠡᠯᠡᠭᠰᠡᠨ ᠴᠠᠭ᠄
2024/1/5
    ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭᠠᠳᠤ ᠬᠤᠷᠠᠯ ᠤᠨ ᠤᠯᠤᠰ ᠤᠨ ᠳᠣᠲᠣᠭᠠᠳᠤ ᠶᠢᠨ ᠬᠤᠯᠪᠣᠭ᠎ᠠ ᠠᠪᠬᠤ ᠬᠡᠯᠲᠡᠰ ᠢᠶᠠᠷ ᠵᠢᠯᠤᠭᠤᠳᠬᠤ ᠨᠢᠭᠡᠴᠡ ᠪᠤᠯᠭᠠᠨ᠂ ᠪᠡᠭᠡᠵᠢᠩ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠨᠡᠶᠢᠭᠡᠮᠯᠢᠭ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠳᠠᠭᠠᠭᠠᠴᠢᠯᠠᠨ ᠡᠷᠬᠢᠯᠡᠭᠰᠡᠨ ︽ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠵᠤ ᠠᠷᠠᠳ ᠲᠦᠮᠡᠨ ᠤ ᠳᠤᠮᠳᠠ ᠬᠦᠨᠵᠡᠭᠡᠶᠢᠷᠡᠬᠦᠢ︾ ᠪᠡᠭᠡᠵᠢᠩ ᠥᠪᠦᠷ ᠮᠣᠩᠭᠤᠯ ᠤᠨ ᠰᠣᠶᠣᠯ ᠤᠨ ᠰᠤᠯᠢᠯᠴᠠᠭᠠᠨ ᠤ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠵᠠᠢ᠃    ᠠᠵᠢᠯᠯᠠᠭᠠᠨ ᠤ ᠲᠤᠬᠠᠢ ᠶᠢᠨ ᠡᠳᠦᠷ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠪᠡᠭᠡᠵᠢᠩ ᠬᠤᠳᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠥᠪᠥᠷ ᠮᠣᠩᠭᠤᠯ ᠤᠨ ᠤᠳᠬ᠎ᠠ ᠤᠷᠠᠯᠢᠭ ᠤᠨ  ᠬᠢᠨ ᠤ ᠬᠤᠯᠪᠤᠭᠠᠨ ᠤ ᠲᠦᠴᠢᠭᠡᠳ ᠬᠥᠮᠥᠨ ᠬᠠᠮᠲᠤ ᠪᠠᠷ  ᠬᠤᠰᠢᠭᠤ ᠤᠯᠠᠭᠠᠨᠮᠥ᠋ᠴᠢᠷ ᠤᠨ ᠦᠵᠡᠭᠦᠯᠦᠯᠭᠡ ᠶᠢᠨ ᠲᠢᠩᠬᠢᠮ ᠳᠤ ᠬᠦᠷᠴᠦ᠂ ᠤᠯᠠᠭᠠᠨᠮᠥ᠋ᠴᠢᠷ ᠤᠨ ᠦᠦᠬᠡ ᠳᠡᠦᠬᠡ ᠶᠢ ᠰᠣᠨᠣᠰᠴᠤ᠂ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠰᠤᠷᠤᠯᠴᠠᠨ ᠤᠶᠢᠯᠠᠭᠠᠭᠰᠠᠨ ᠤ ᠬᠠᠮᠲᠤ ᠤᠯᠠᠭᠠᠨᠮᠥ᠋ᠴᠢᠷ ᠤᠨ ᠭᠡᠰᠢᠭᠦᠳ ᠲᠠᠢ ᠰᠠᠨᠠᠯ ᠰᠣᠯᠢᠯᠴᠠᠵᠤ᠂ ᠬᠠᠷᠢᠯᠴᠠᠨ ᠪᠡᠯᠡᠭ ᠬᠦᠷᠭᠡᠵᠡᠢ᠃ ᠤᠯᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠡᠩ ᠤᠯᠠᠨ ᠤᠳᠬ᠎ᠠ ᠤᠷᠠᠯᠢᠭ ᠤᠨ ᠰᠤᠳᠤᠨ ᠪᠦᠲᠦᠭᠡᠯ ᠵᠤᠬᠢᠶᠠᠨ ᠪᠦᠲᠦᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠦᠨ᠎ᠡ ᠭᠡᠵᠦ ᠢᠯᠡᠷᠭᠡᠶᠢᠯᠡᠵᠡᠬᠡᠨ᠂ ᠳᠠᠷᠠᠭ᠎ᠠ ᠨᠢ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠦᠵᠡᠭᠦᠯᠦᠯᠭᠡ ᠶᠢᠨ ᠲᠢᠩᠬᠢᠮ ᠳᠤ ᠬᠦᠷᠴᠦ᠂ ᠤᠷᠠᠨ ᠪᠢᠴᠢᠯᠭᠡ ᠤᠷᠠᠨ ᠵᠢᠷᠤᠭ  ᠤᠨ ᠳᠤᠬᠠᠢ ᠶᠠᠷᠢᠶ᠎ᠠ ᠳᠡᠯᠭᠡᠨ᠂ ᠪᠢᠷ ᠪᠡᠭᠡ ᠬᠦᠳᠡᠯᠭᠡᠨ ᠤᠷᠠᠨ ᠦᠵᠦᠭ ᠢᠶᠠᠷ ᠦᠵᠡᠯ ᠪᠤᠳᠤᠯ ᠢᠶᠠᠨ ᠬᠤᠪᠢᠶᠠᠯᠴᠠᠨ᠂ ᠬᠤᠶᠠᠷ ᠭᠠᠵᠠᠷ ᠤᠨ ᠰᠣᠶᠣᠯ ᠤᠨ ᠰᠣᠯᠢᠯᠴᠠᠭ᠎ᠠ ᠠᠭᠤᠰᠤᠯᠴᠠᠯ ᠢ ᠠᠬᠢᠭᠤᠯᠪᠠ᠃    ᠬᠤᠶᠠᠷ ᠤᠲᠠᠰᠤᠲᠤ ᠬᠤᠭᠤᠷ ᠤᠨ ᠬᠥᠭᠵᠢᠮᠴᠢᠨ ᠸᠠᠩ ᠰᠢᠶᠣᠣ  ︵ᠤᠯᠠᠭᠠᠨᠮᠥ᠋ᠴᠢᠷ ᠤᠨ ᠦᠵᠡᠭᠦᠯᠦᠯᠭᠡ ᠶᠢᠨ ᠲᠢᠩᠬᠢᠮ ᠳᠤ ᠲᠣᠭᠤᠷᠢᠨ ᠦᠵᠡᠬᠦ ᠪᠠᠷ ᠳᠡᠮᠵᠢᠨ᠂ ᠤᠯᠠᠭᠠᠨᠮᠥ᠋ᠴᠢᠷ ᠤᠨ ᠵᠣᠷᠢᠭ ᠰᠠᠨᠠᠭ᠎ᠠ᠂ ᠪᠦᠯᠬᠦᠮ ᠨᠢ ᠬᠡᠷᠬᠢᠨ ᠬᠥᠭᠵᠢᠵᠦ ᠢᠷᠡᠭᠰᠡᠨ ᠢ ᠤᠶᠢᠯᠠᠭᠠᠭᠰᠠᠨ᠂ ᠮᠠᠨ ᠤ ᠪᠡᠭᠡᠵᠢᠩ ᠤᠨ ᠤᠳᠬ᠎ᠠ ᠤᠷᠠᠯᠢᠭ ᠤᠨ ᠠᠵᠢᠯᠲᠠᠳ ᠤᠨ ᠰᠡᠳᠬᠢᠯ ᠢ ᠶᠡᠬᠡᠳᠡ ᠬᠥᠳᠡᠯᠭᠡᠵᠡᠢ᠂ ᠮᠢᠨᠤ ᠦᠵᠡᠬᠦ ᠪᠠᠷ ᠲᠡᠳᠡ ᠦᠨᠡᠬᠡᠷ ᠤᠯᠠᠨ ᠲᠦᠮᠡᠨ ᠤ ᠳᠤᠮᠳᠠ ᠦᠨᠳᠦᠰᠦᠯᠡᠵᠦ ᠪᠠᠶᠢᠨ᠎ᠠ᠂ ᠲᠡᠳᠡᠨ ᠤ ᠬᠢᠵᠦ ᠪᠠᠶᠢᠭ᠎ᠠ ᠠᠯᠢᠪᠠ ᠤᠷᠠᠯᠢᠭ ᠨᠢ ᠴᠥᠮ ᠤᠯᠠᠨ ᠲᠦᠮᠡᠨ ᠤ ᠲᠥᠯᠥᠭᠡ ᠶᠤᠮ᠂ ᠡᠨᠡ ᠬᠦ ᠵᠣᠷᠢᠭ ᠰᠠᠨᠠᠭ᠎ᠠ ᠶᠢ ᠪᠡᠶᠡᠯᠡᠭᠦᠯᠬᠦ ᠳᠤ ᠲᠤᠩ ᠬᠦᠴᠢᠷᠲᠡᠢ ᠶᠤᠮ᠂ ᠭᠡᠪᠡᠴᠦ ᠡᠴᠢᠨᠡᠭᠡᠨ ᠵᠢᠯ ᠪᠠᠷᠢᠮᠲᠠᠯᠠᠭᠠᠳ ᠤᠳᠤ ᠪᠣᠯᠲᠠᠯ᠎ᠠ ᠤᠯᠠᠮᠵᠢᠯᠠᠭᠳᠠᠭᠠᠳ᠂ ᠤᠯᠠᠮ ᠠᠴᠠ ᠤᠯᠠᠮ ᠮᠤᠨᠳᠠᠭ ᠪᠤᠯᠵᠤ᠂ ᠤᠯᠠᠨ ᠶᠠᠩᠵᠤ ᠶᠢᠨ ᠪᠤᠯᠵᠠᠢ᠃ ᠰᠡᠳᠬᠢᠯ ᠶᠡᠬᠡᠳᠡ ᠳᠤᠭᠳᠤᠯᠵᠤ ᠪᠠᠶᠢᠨ᠎ᠠ︶    ᠳᠤᠬᠠᠢ ᠶᠢᠨ ᠡᠳᠦᠷ ᠤᠨ ᠣᠷᠣᠢ᠂ ︽ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠵᠤ ᠠᠷᠠᠳ ᠲᠦᠮᠡᠨ ᠤ ᠳᠤᠮᠳᠠ ᠬᠦᠨᠵᠡᠭᠡᠶᠢᠷᠡᠬᠦᠢ︾ ᠪᠡᠭᠡᠵᠢᠩ ᠥᠪᠦᠷ ᠮᠣᠩᠭᠤᠯ ᠤᠨ ᠰᠣᠶᠣᠯ ᠤᠨ ᠰᠤᠯᠢᠯᠴᠠᠭᠠᠨ ᠤ ᠳᠤᠰᠬᠠᠢ ᠳᠤᠭᠯᠠᠯᠳᠠ ᠬᠤᠰᠢᠭᠤ ᠺᠢᠨᠤ᠋ ᠤᠷᠳᠤᠨ ᠳᠤ ᠶᠠᠪᠤᠭᠳᠠᠨ᠂ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠤᠳᠬ᠎ᠠ ᠤᠷᠠᠯᠢᠭᠴᠢᠳ ᠤᠨ ᠰᠤᠳᠤᠨ ᠳᠤᠭᠯᠠᠯᠳᠠ ᠨᠤᠭᠤᠳ ᠳᠠᠯᠠᠪᠠᠢ ᠳᠤ ᠬᠤᠷᠠᠭᠰᠠᠨ ᠤᠯᠠᠨ ᠤ ᠬᠠᠷᠠᠭ᠎ᠠ ᠰᠤᠨᠤᠷ ᠢ ᠪᠠᠶᠠᠰᠬᠠᠨ᠂ ᠬᠠᠯᠠᠭᠤᠨ ᠳᠠᠭᠠᠰᠢᠶᠠᠯ ᠬᠦᠷᠳᠡᠭᠰᠡᠨ ᠪᠠᠶᠢᠨ᠎ᠠ᠃    ᠱᠤᠭ ᠶᠠᠷᠢᠶᠠᠨ ᠤ ᠲᠣᠭᠯᠠᠭᠴᠢ ᠾᠧ ᠰᠢᠶᠣᠣ ᠸᠧᠢ ︵ᠠᠩᠬ᠎ᠠ ᠤᠳᠠᠭ᠎ᠠ ᠤᠯᠠᠭᠠᠨᠮᠥ᠋ᠴᠢᠷ ᠲᠤ ᠢᠷᠡᠵᠦ ᠪᠠᠶᠢᠨ᠎ᠠ ᠂ ᠨᠠᠶᠢᠵᠠ ᠨᠠᠷ ᠤᠨ ᠲᠤᠶᠢᠯ ᠤᠨ ᠬᠠᠯᠠᠭᠤᠨ ᠰᠡᠳᠬᠢᠯᠭᠡ ᠶᠢ ᠮᠡᠳᠡᠷᠡᠯ᠎ᠡ᠃ ᠤᠳᠬ᠎ᠠ ᠤᠷᠠᠯᠢᠭ ᠤᠨ ᠠᠵᠢᠯᠲᠠᠨ ᠪᠣᠯᠤᠭᠰᠠᠨ ᠤ ᠬᠤᠪᠢ ᠳᠤ ᠬᠠᠮᠤᠭ ᠤᠨ ᠰᠢᠯᠢᠳᠡᠭ ᠬᠠᠮᠤᠭ ᠤᠨ ᠰᠠᠶᠢᠨ ᠰᠠᠶᠢᠬᠠᠨ ᠲᠣᠭᠯᠠᠯᠲᠠ ᠪᠠᠨ ᠤᠯᠠᠨ ᠲᠦᠮᠡᠨ ᠳᠤ ᠬᠦᠷᠭᠡᠬᠦ ᠬᠡᠷᠡᠭᠲᠡᠢ᠂ ᠥᠨᠥᠳᠥᠷ ᠤᠯᠠᠨ ᠲᠦᠮᠡᠨ ᠶᠡᠭᠡ ᠪᠣᠷᠣᠭᠠᠨ ᠢ ᠬᠠᠶᠢᠬᠤᠷᠤᠯ ᠦᠬᠡᠢ ᠢᠷᠡᠵᠦ ᠲᠣᠭᠯᠠᠯᠲᠠ ᠰᠣᠨᠢᠷᠬᠠᠵᠤ ᠪᠠᠶᠢᠨ᠎ᠠ᠂ ᠡᠨᠡ ᠨᠢ ᠤᠳᠬ᠎ᠠ ᠤᠷᠠᠯᠢᠭ ᠲᠤ ᠠᠪᠴᠤ ᠬᠡᠯᠡᠪᠡᠯ ᠨᠢᠭᠡ ᠵᠦᠢᠯ ᠤᠨ ᠳᠤᠷ᠎ᠠ ᠪᠠᠬ᠎ᠠ᠂ ᠲᠣᠭᠯᠠᠭᠴᠢ ᠳᠤ ᠠᠪᠴᠤ ᠬᠡᠯᠡᠪᠡᠯ ᠠᠵᠢᠯ ᠤᠨ ᠬᠠᠯᠠᠭᠤᠨ ᠰᠡᠳᠬᠢᠯ᠂ ᠭᠠᠭᠴᠠ ᠬᠦ ᠲᠣᠭᠯᠠᠯᠲᠠ ᠪᠠᠨ ᠰᠠᠶᠢᠬᠠᠨ ᠲᠣᠭᠯᠠᠵᠤ᠂  ᠤᠯᠠᠨ ᠲᠦᠮᠡᠨ ᠳᠤ ᠰᠠᠶᠢᠲᠤᠷ ᠦᠢᠯᠡᠴᠢᠯᠡᠬᠦ ᠬᠡᠷᠡᠭᠲᠡᠢ ᠭᠡᠰᠡᠨ ᠢ ᠬᠠᠷᠠᠭᠤᠯᠵᠤ ᠪᠠᠶᠢᠨ᠎ᠠ︶    ᠬᠤᠰᠢᠭᠤ ᠤᠯᠠᠭᠠᠨᠮᠥ᠋ᠴᠢᠷ ᠤᠨ ᠭᠡᠰᠢᠭᠦᠨ ᠼᠤᠤ ᠰᠢᠶᠠ ︵ᠪᠢᠳᠡ ᠡᠨᠡ ᠤᠳᠠᠭ᠎ᠠ ᠪᠡᠭᠡᠵᠢᠩ ᠥᠪᠥᠷ ᠮᠣᠩᠭᠤᠯ ᠤᠨ ᠰᠣᠶᠣᠯ ᠤᠨ ᠰᠤᠯᠢᠯᠴᠠᠭ᠎ᠠ ᠪᠠᠷ ᠳᠡᠮᠵᠢᠨ ᠮᠠᠰᠢ ᠣᠯᠠᠨ ᠣᠯᠣᠯᠲᠠ ᠲᠠᠢ ᠪᠣᠯᠵᠠᠢ᠂ ᠪᠢᠳᠡ ᠪᠠᠰᠠ ᠠᠬᠠᠮᠠᠳ ᠦᠶ᠎ᠡ ᠶᠢᠨ ᠤᠷᠠᠯᠢᠭᠴᠢᠳ ᠤᠨ ᠠᠪᠴᠢᠷᠠᠭᠰᠠᠨ ᠭᠤᠶᠢᠳᠠ ᠰᠠᠶᠢᠬᠠᠨ ᠲᠣᠭᠯᠠᠯᠲᠠ ᠶᠢ ᠣᠯᠵᠤ ᠬᠠᠷᠠᠭᠰᠠᠨ᠂ ᠡᠶᠢᠮᠦᠷᠬᠦ ᠰᠤᠷᠤᠯᠴᠠᠬᠤ ᠲᠣᠬᠢᠶᠠᠯ ᠨᠠᠩ ᠣᠯᠠᠨ ᠪᠠᠶᠢᠬᠤ ᠶᠢ ᠬᠦᠰᠡᠵᠦ ᠪᠠᠶᠢᠨ᠎ᠠ᠂ ᠪᠢᠳᠡ ᠥᠪᠡᠷ ᠤᠨ ᠤᠭ ᠰᠠᠨᠠᠭ᠎ᠠ ᠪᠠᠨ ᠪᠠᠷᠢᠮᠲᠠᠯᠠᠵᠤ᠂ ᠥᠷᠭᠡᠨ ᠣᠯᠠᠨ ᠠᠷᠠᠳ ᠲᠦᠮᠡᠨ ᠳᠤ ᠨᠠᠩ ᠣᠯᠠᠨ ᠨᠠᠩ ᠰᠠᠶᠢᠨ ᠲᠣᠭᠯᠠᠯᠲᠠ ᠪᠠᠨ ᠡᠷᠭᠦᠨ᠎ᠡ︶    ᠪᠡᠭᠡᠵᠢᠩ ᠥᠪᠥᠷ ᠮᠣᠩᠭᠤᠯ ᠤᠨ ᠰᠤᠶᠤᠯ ᠤᠨ ᠰᠣᠯᠢᠯᠴᠠᠭ᠎ᠠ ᠨᠢ ᠬᠤᠶᠠᠷ ᠭᠠᠵᠠᠷ ᠤᠨ ᠬᠠᠷᠢᠯᠴᠠᠨ ᠣᠶᠢᠯᠠᠭᠠᠯᠴᠠᠬᠤ᠂ ᠬᠠᠷᠢᠯᠴᠠᠨ ᠠᠭᠤᠰᠤᠯᠴᠠᠬᠤ ᠶᠢ ᠠᠬᠢᠭᠤᠯᠵᠤ᠂ ᠨᠥᠬᠦᠷᠯᠡᠯ ᠢ ᠵᠤᠵᠠᠭᠠᠳᠬᠠᠨ᠂ ᠰᠣᠶᠣᠯ ᠤᠷᠠᠯᠢᠭ ᠤᠨ ᠬᠠᠮᠲᠤ ᠶᠢᠨ ᠴᠡᠴᠡᠭᠯᠡᠯ ᠬᠥᠭᠵᠢᠯ ᠢ ᠠᠬᠢᠭᠤᠯᠵᠠᠢ᠃ ᠨᠤᠭᠤᠭᠠᠨᠰᠢᠯᠢ ᠭᠠᠴᠠᠭ᠎ᠠ᠂ ᠬᠤᠰᠢᠭᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠺᠠᠳ᠋ᠷ ᠠᠵᠢᠯᠲᠠᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号