ᠶᠡᠷᠦᠩᠭᠡᠢ ᠱᠦᠵᠢ ᠶᠢᠨ ᠰᠢᠨ᠎ᠡ ᠵᠢᠯ ᠤᠨ ᠪᠠᠶᠠᠷ ᠤᠨ ᠶᠠᠷᠢᠶ᠎ᠠ ᠤᠷᠤᠭᠰᠢᠯᠠᠨ ᠳᠠᠪᠰᠢᠬᠤ ᠬᠦᠴᠦᠨ ᠵᠤᠷᠢᠭ ᠢ ᠬᠦᠪᠴᠢᠯᠠᠯ᠎ᠠ
ᠨᠡᠶᠢᠲᠡᠯᠡᠭᠰᠡᠨ ᠴᠠᠭ᠄
2024/1/8
     ᠲᠦᠷᠦᠭᠦᠬᠡᠨ᠂ ᠤᠯᠤᠰ ᠤᠨ ᠲᠡᠷᠢᠬᠦᠯᠡᠭᠴᠢ ᠰᠢ ᠶᠢᠨ ᠫᠢᠩ ᠤᠨ ᠨᠡᠶᠢᠳᠡᠯᠡᠭᠰᠡᠨ 2024 ᠣᠨ ᠤ ᠰᠢᠨ᠎ᠡ ᠵᠢᠯ ᠤᠨ ᠪᠠᠶᠠᠷ ᠤᠨ ᠶᠠᠷᠢᠶ᠎ᠠ ᠨᠢ ᠰᠦᠨᠢᠳ ᠨᠤᠳᠤᠭ ᠤᠨ ᠺᠠᠳ᠋ᠷ ᠤᠯᠠᠨ ᠲᠦᠮᠡᠨ ᠤ ᠳᠤᠮᠳᠠ ᠴᠢᠩᠭ᠎ᠠ ᠳᠤᠰᠬᠠᠯ ᠭᠠᠷᠴᠤ᠂ ᠰᠢᠨ᠎ᠡ ᠨᠢᠭᠡᠨ ᠵᠢᠯ ᠳᠤ ᠪᠠᠨ ᠤᠷᠤᠭᠰᠢᠯᠠᠨ ᠳᠠᠪᠰᠢᠬᠤ ᠵᠤᠷᠢᠭ ᠢᠳᠡᠭᠡᠯ ᠢ ᠨᠢ ᠬᠦᠪᠴᠢᠯᠡᠯ᠎ᠡ᠃       ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠢᠯᠡᠷᠬᠡᠶᠢᠯᠡᠬᠦ ᠳᠡᠭᠡᠨ᠂ ᠰᠢ ᠶᠢᠨ ᠫᠢᠩ ᠲᠡᠷᠢᠭᠦᠯᠡᠭᠴᠢ ᠶᠢᠨ ᠰᠢᠨ᠎ᠡ ᠵᠢᠯ ᠤᠨ ᠪᠠᠶᠠᠷ ᠤᠨ ᠶᠠᠷᠢᠶᠠᠨ ᠳᠤ ᠠᠤᠭ᠎ᠠ ᠶᠡᠭᠡ ᠴᠢᠩ ᠰᠡᠳᠬᠢᠯ ᠤᠨ ᠬᠦᠰᠡᠯ ᠡᠷᠡᠮᠡᠯᠵᠡᠯ ᠠᠭᠤᠯᠤᠭᠳᠠᠵᠤ᠂ ᠦᠭᠡ ᠥᠭᠦᠯᠡᠪᠦᠷᠢ ᠪᠤᠯᠭᠠᠨ ᠳᠤ ᠨᠢ ᠬᠠᠶᠢᠷ᠎ᠠ ᠬᠠᠯᠠᠮᠵᠢᠯᠠᠯ ᠰᠢᠩᠭᠡᠵᠦ᠂ ᠠᠷᠠᠳ ᠪᠢᠳᠡᠨ ᠤ ᠤᠷᠮ᠎ᠠ ᠵᠣᠷᠢᠭ ᠢ ᠬᠦᠭᠵᠢᠬᠡᠭᠰᠡᠨ ᠶᠤᠮ᠃ ᠰᠢᠨ᠎ᠡ ᠨᠢᠭᠡᠨ ᠵᠢᠯ ᠳᠤ᠂ ᠰᠢᠨᠳᠠᠷᠠᠰᠢ ᠦᠬᠡᠢ ᠵᠤᠷᠢᠭ ᠰᠠᠨᠠᠭ᠎ᠠ ᠎ ᠪᠠᠷ ᠢᠳᠡᠭᠡᠯ ᠲᠦᠭᠦᠷᠡᠩ ᠤᠷᠤᠭᠰᠢᠯᠠᠨ ᠳᠠᠪᠰᠢᠵᠤ᠂ ᠬᠤᠰᠢᠭᠤ ᠨᠤᠳᠤᠭ ᠤᠨ ᠢᠶᠠᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠴᠢᠨᠠᠷᠯᠢᠭ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ ᠭᠡᠵᠡᠭᠡᠯ᠎ᠡ᠃      ᠬᠤᠰᠢᠭᠤ ᠡᠪᠯᠡᠯ ᠤᠨ ᠬᠤᠷᠢᠶᠠᠨ ᠤ ᠳᠡᠳ᠋ ᠱᠦᠵᠢ  ᠰᠠᠴᠤᠷᠠ ︵ᠰᠢ ᠶᠢᠨ ᠫᠢᠩ ᠲᠡᠷᠢᠭᠦᠯᠡᠭᠴᠢ ᠶᠢᠨ ᠰᠢᠨ᠎ᠡ ᠵᠢᠯ ᠤᠨ ᠪᠠᠶᠠᠷ ᠤᠨ ᠶᠠᠷᠢᠶ᠎ᠠ ᠨᠢ ᠪᠢᠳᠡᠨ ᠳᠤ ᠲᠡᠮᠡᠴᠡᠬᠦ ᠬᠠᠷᠠᠯᠲᠠ ᠶᠢ ᠲᠣᠳᠣᠷᠬᠠᠶᠢᠯᠠᠵᠤ᠂ ᠰᠡᠳᠬᠢᠯ ᠤᠨ ᠭᠦᠨ ᠳᠤ ᠬᠦᠷᠴᠦ᠂ ᠴᠢᠩᠭ᠎ᠠ ᠲᠤᠰᠬᠠᠯ ᠭᠠᠷᠭᠠᠵᠤ᠂ ᠨᠠᠳᠠ ᠳᠤ ᠮᠠᠰᠢ ᠶᠡᠭᠡ ᠵᠣᠷᠢᠭᠵᠢᠭᠤᠯᠤᠯ ᠪᠣᠯᠤᠭᠰᠠᠨ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠰᠢᠨ᠎ᠡ ᠵᠢᠯ ᠤᠨ ᠪᠠᠶᠠᠷ ᠤᠨ ᠶᠠᠷᠢᠶᠠᠨ ᠳᠤ ᠪᠠᠨ᠄ ︽ᠪᠢᠳᠡᠨ ᠤ ᠬᠠᠷᠠᠯᠲᠠ ᠪᠣᠯ ᠮᠠᠰᠢ ᠠᠤᠭ᠎ᠠ ᠶᠡᠭᠡ ᠪᠥᠭᠡᠳ ᠪᠣᠷᠣᠭᠵᠢᠭᠤᠨ ᠶᠤᠮ᠂ ᠡᠴᠦᠰ ᠤᠨ ᠡᠴᠦᠰ ᠲᠡᠭᠡᠨ ᠠᠷᠠᠳ ᠢᠷᠭᠡᠳ ᠢ ᠰᠠᠶᠢᠨ ᠰᠠᠶᠢᠬᠠᠨ ᠠᠮᠢᠳᠤᠷᠠᠭᠤᠯᠬᠤ ᠶᠠᠪᠤᠳᠠᠯ ᠮᠥᠨ᠂ ᠬᠡᠦᠬᠡᠳ ᠢ ᠠᠰᠠᠷᠠᠨ ᠲᠡᠵᠢᠭᠡᠵᠦ ᠰᠤᠷᠭᠠᠨ ᠬᠥᠮᠥᠵᠢᠭᠦᠯᠬᠦ᠂ ᠵᠠᠯᠠᠭᠤᠴᠤᠳ ᠤᠨ ᠠᠵᠢᠯ ᠣᠯᠵᠤ ᠴᠢᠳᠠᠪᠤᠷᠢᠲᠠᠨ ᠪᠣᠯᠬᠤ᠂ ᠨᠠᠰᠤᠲᠠᠶᠢᠴᠤᠳ ᠤᠨ ᠡᠪᠡᠳᠴᠢᠨ ᠦᠵᠡᠬᠦᠯᠬᠦ᠂ ᠨᠠᠰᠤᠲᠠᠨ ᠢ ᠠᠰᠠᠷᠠᠬᠤ ᠪᠣᠯ ᠭᠡᠷ ᠪᠦᠯᠢ ᠶᠢᠨ ᠶᠠᠪᠤᠳᠠᠯ ᠮᠥᠨ᠂ ᠪᠠᠰᠠ ᠴᠤ ᠲᠥᠷᠥ ᠶᠢᠨ ᠶᠠᠪᠤᠳᠠᠯ ᠮᠥᠨ᠂ ᠣᠯᠠᠨ ᠢᠶᠠᠷ ᠢᠶᠠᠨ ᠬᠠᠮᠳᠤᠪᠡᠷ ᠴᠢᠷᠮᠠᠶᠢᠵᠤ ᠡᠳᠡᠭᠡᠷ ᠶᠠᠪᠤᠳᠠᠯ ᠢ ᠰᠠᠶᠢᠲᠤᠷ ᠬᠢᠬᠦ ᠬᠡᠷᠡᠭᠲᠡᠢ︾ ᠭᠡᠵᠡᠢ᠃ ᠡᠪ ᠬᠠᠮᠲᠤ ᠵᠠᠯᠠᠭᠤᠴᠤᠳ ᠤᠨ ᠡᠪᠯᠡᠯ ᠤᠨ ᠺᠠᠳ᠋ᠷ ᠪᠣᠯᠤᠭᠰᠠᠨ ᠤ ᠬᠤᠪᠢ ᠳᠤ᠂ 2024 ᠣᠨ ᠳᠤ ᠪᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠺᠠᠳ᠋ᠷᠴᠤᠳ ᠤᠨ ︽ᠰᠠᠶᠢᠳᠤᠷ ᠠᠵᠢᠯᠯᠠᠬᠤ︾᠂ ᠰᠡᠳᠬᠢᠴᠡ ᠪᠠᠨ ︽ᠲᠣᠳᠣᠷᠬᠠᠢ ᠪᠠᠶᠢᠯᠭᠠᠬᠤ︾᠂ ᠰᠠᠬᠢᠯᠭ᠎ᠠ ᠪᠠᠳᠤ ᠶᠢ ︽ᠴᠢᠩᠭ᠎ᠠ ᠰᠠᠬᠢᠬᠤ︾ ᠱᠠᠭᠠᠷᠳᠠᠯᠭ᠎ᠠ ᠶᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠵᠤ᠂ ᠵᠠᠯᠠᠭᠤᠴᠤᠳ ᠤᠨ ᠳᠡᠷᠭᠡᠳᠡ ᠭᠦᠨᠵᠡᠭᠡᠶᠢᠷᠡᠵᠦ᠂ ᠵᠠᠯᠠᠭᠤᠴᠤᠳ ᠢ ᠬᠠᠯᠠᠮᠵᠢᠯᠠᠨ ᠦᠢᠯᠡᠴᠢᠯᠡᠵᠦ ᠪᠦᠯᠬᠦᠮᠳᠡᠬᠦᠯᠦᠨ ᠳᠠᠭᠠᠭᠤᠯᠵᠤ᠂ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠲᠠᠢ ᠬᠠᠮᠲᠤ ᠪᠠᠷ ᠵᠠᠯᠠᠭᠤᠴᠤᠳ ᠤᠨ ᠠᠵᠢᠯ ᠢ ᠰᠠᠶᠢᠲᠤᠷ ᠬᠢᠨ᠎ᠡ᠃︶      ᠬᠤᠰᠢᠭᠤ ᠭᠠᠶᠢᠯᠢ ᠶᠢᠨ ᠶᠠᠪᠤᠳᠠᠯ ᠤᠨ ᠳᠤᠪᠴᠢᠶᠠᠨ ᠤ ᠨᠢᠭᠡᠳᠦᠭᠡᠷ ᠭᠠᠶᠢᠯᠢ ᠶᠢᠨ ᠶᠠᠪᠤᠳᠠᠯ ᠤᠨ ᠬᠤᠪᠢᠶᠠᠷᠢ ᠳᠤᠪᠴᠢᠶᠠᠨ ᠤ ᠴᠤᠩᠬᠤᠪᠴᠢ ᠶᠢᠨ ᠠᠵᠢᠯᠲᠠᠨ ᠰᠦᠨ ᠵᠧ ︵ᠭᠠᠶᠢᠯᠢ ᠶᠢᠨ ᠠᠵᠢᠯᠲᠠᠨ ᠪᠣᠯᠤᠭᠰᠠᠨ ᠤ ᠬᠤᠪᠢ ᠳᠤ᠂ ᠰᠢᠨ᠎ᠡ ᠨᠢᠭᠡᠨ ᠵᠢᠯ ᠳᠤ᠂ ᠪᠢᠳᠡ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠭᠠᠶᠢᠯᠢ ᠲᠠᠲᠠᠪᠤᠷᠢ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠭᠦᠨᠵᠡᠭᠡᠢ ᠰᠢᠯᠢᠳᠡᠭᠵᠢᠭᠦᠯᠵᠦ᠂ ᠰᠢᠨ᠎ᠡ ᠴᠠᠭ ᠦᠶ᠎ᠡ ᠶᠢᠨ ᠹᠧᠩ ᠴᠢᠶᠤᠤ ᠮᠠᠶ᠋ᠢᠭ ᠤᠨ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ ᠶᠢ ᠢᠳᠡᠪᠬᠢᠲᠡᠢ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠭᠠᠶᠢᠯᠢ ᠲᠠᠲᠠᠪᠤᠷᠢ ᠶᠢᠨ ᠡᠭᠦᠷᠭᠡ ᠶᠢ ᠦᠨᠳᠦᠰᠦᠨ ᠱᠠᠲᠤᠨ ᠳᠤ ᠨᠡᠩ ᠰᠠᠶᠢᠨ ᠨᠠᠶᠢᠳᠠᠪᠤᠷᠢᠵᠢᠭᠤᠯᠬᠤ ᠶᠢ ᠠᠬᠢᠭᠤᠯᠬᠤ ᠳᠡᠭᠡᠷ᠎ᠡ ᠤᠯᠠᠮ ᠠᠩᠬᠠᠷᠤᠯ ᠢᠶᠠᠨ ᠲᠦᠪᠯᠡᠷᠡᠬᠦᠯᠵᠦ᠂ ᠭᠠᠶᠢᠯᠢ ᠰᠦᠢᠳᠬᠡᠯ ᠤᠨ ᠦᠢᠯᠡᠴᠢᠯᠡᠭᠡ ᠶᠢ ᠦᠨᠳᠦᠰᠦᠨ ᠱᠠᠲᠤᠨ ᠳᠤ ᠨᠡᠩ ᠰᠢᠯᠢᠳᠡᠭᠵᠢᠭᠦᠯᠵᠦ᠂ ᠵᠥᠷᠢᠴᠡᠯ ᠢ ᠨᠠᠮᠳᠠᠭᠤᠯᠬᠤ ᠶᠢ ᠦᠨᠳᠦᠰᠦᠨ ᠱᠠᠲᠤᠨ ᠳᠤ ᠨᠡᠩ ᠥᠨᠳᠥᠷ ᠪᠦᠲᠦᠮᠵᠢᠲᠡᠢ ᠪᠣᠯᠭᠠᠵᠤ᠂ ᠰᠢᠨ᠎ᠡ ᠠᠶᠠᠨ ᠵᠠᠮ ᠳᠤ ︽ᠰᠢᠨ᠎ᠡ ᠶᠢ ᠡᠭᠦᠳᠬᠦ︾ ᠵᠣᠷᠢᠭ ᠰᠠᠨᠠᠭ᠎ᠠ᠂ ︽ᠠᠵᠢᠯᠯᠠᠬᠤ︾ ᠬᠡᠪ ᠰᠤᠷᠲᠠᠯ ᠢ ᠡᠭᠦᠷᠢᠳᠡ ᠪᠠᠲᠤᠯᠠᠵᠤ᠂ ᠨᠡᠩ ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ ᠪᠠᠷ ᠭᠠᠶᠢᠯᠢ ᠲᠤᠰᠢᠶᠠᠭᠴᠢ ᠶᠢᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠨᠡᠩ ᠪᠦᠲᠦᠮᠵᠢᠲᠡᠢ ᠲᠣᠭᠲᠠᠴᠠ ᠪᠠᠷ ᠭᠠᠶᠢᠯᠢ ᠲᠠᠲᠠᠪᠤᠷᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠩ ᠣᠷᠭᠢᠯᠤᠮ᠎ᠠ ᠰᠡᠳᠬᠢᠯᠭᠡ ᠪᠠᠷ ᠭᠠᠶᠢᠯᠢ ᠲᠠᠲᠠᠪᠤᠷᠢ ᠶᠢᠨ ᠤᠳᠤᠬᠢᠴᠢᠯᠠᠭᠰᠠᠨ ᠪᠠᠷᠠᠭᠤᠨ ᠰᠦᠨᠢᠳ ᠤᠨ ᠦᠢᠯᠡᠳᠦᠯᠭᠡ ᠶᠢ ᠠᠬᠢᠭᠤᠯᠤᠨ᠎ᠠ᠃︶
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠢᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号