︽ᠤᠮᠠᠷᠠᠲᠤ ᠬᠢᠯᠢ ᠶᠢᠨ ᠲᠠᠯ᠎ᠠ ᠨᠤᠲᠤᠭ᠂ ᠰᠥᠨᠢᠳ ᠤᠨ ᠪᠤᠯᠵᠤᠭ᠎ᠠ︾ ᠭᠤᠣᠯ ᠰᠡᠳᠦᠪᠲᠦ ᠤᠷᠠᠨ ᠰᠠᠶᠢᠬᠠᠨ ᠤ ᠦᠳᠡᠰᠢᠯᠡᠭᠡ ᠠᠮᠵᠢᠯᠳᠠᠳᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2024/1/9
       1 ᠰᠠᠷ᠎ᠠ ᠶᠢᠨ 8 ᠎ ᠤ ᠣᠷᠣᠢ᠂ ︽ᠤᠮᠠᠷᠠᠲᠤ  ᠬᠢᠯᠢ ᠶᠢᠨ ᠲᠠᠯ᠎ᠠ ᠨᠤᠲᠤᠭ᠂ ᠰᠥᠨᠢᠳ ᠎ ᠤᠨ ᠪᠤᠯᠵᠤᠭ᠎ᠠ︾ ᠰᠦᠨᠢᠳ ᠪᠠᠷᠠᠭᠤᠨ ᠬᠤᠰᠢᠭᠤᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠨᠠᠭᠠᠳᠤᠮ᠂ ︽ᠮᠤᠩᠭᠤᠯ ᠮᠤᠷᠢᠨ ᠎ ᠤ ᠵᠤᠷᠢᠭ ᠰᠠᠨᠠᠭ᠎ᠠ ᠬᠤᠨᠳᠠᠭᠠᠳᠤ︾  ᠮᠤᠩᠭᠤᠯ ᠮᠤᠷᠢᠨ ᠤ ᠬᠤᠯᠪᠤᠭᠠᠳᠤ ᠤᠷᠤᠯᠳᠤᠭᠠᠨ ᠵᠢᠴᠢ ᠠᠷᠪᠠᠨ ᠲᠦᠷᠪᠡᠳᠦᠭᠡᠷ ᠬᠤᠭᠤᠴᠠᠭᠠᠨ ᠤ ᠳᠡᠮᠡᠭᠡᠨ ᠰᠤᠶᠤᠯ ᠤᠨ ᠨᠠᠶᠢᠷ ᠤᠨ ᠤᠷᠠᠨ ᠰᠠᠶᠢᠬᠠᠨ ᠤ ᠳᠤᠭᠯᠠᠯᠳᠠ ᠬᠤᠰᠢᠭᠤ ᠺᠢᠨᠤ᠋ ᠤᠷᠳᠤᠨ ᠳᠤ ᠦᠵᠡᠭᠴᠢᠳ ᠲᠦᠮᠡᠨ ᠲᠠᠢ ᠪᠠᠨ ᠵᠤᠯᠭᠠᠵᠤ ︽ᠨᠠᠭᠠᠳᠤᠮ︾᠎ ᠤᠨ ᠰᠢᠷᠢᠰ ᠠᠵᠢᠯᠯᠠᠭᠠᠨ ᠤ ᠬᠦᠰᠢᠬᠡ ᠎ ᠶᠢ ᠰᠡᠬᠦᠯ᠎ᠡ᠃
       ︽ᠡᠬᠡ ᠤᠷᠤᠨ ᠢᠶᠠᠨ ᠮᠠᠭᠳᠠᠨ ᠲᠠᠭᠤᠯᠠᠶ᠎ᠠ︾ ᠭᠡᠬᠦ ᠳᠠᠭᠤᠤ ᠪᠠᠷ ᠠᠵᠢᠯᠯᠠᠭᠠᠨ ᠤ ᠰᠠᠯᠬᠢ ᠶᠢ ᠬᠠᠭᠠᠯᠵᠤ᠂ ︽ᠬᠤᠩᠭᠤᠷ ᠰᠢᠷᠭ᠎ᠠ︾᠂ ︽ᠬᠦᠰᠡᠯ ᠢ ᠳᠠᠳᠠᠭᠰᠠᠨ ᠨᠤᠳᠤᠭ︾᠂ ︽ᠦᠷᠨᠢᠨ ᠬᠦᠭᠵᠢᠭᠰᠡᠨ ᠥᠪᠥᠷ ᠮᠣᠩᠭᠤᠯ︾᠂ ︽ᠤᠯᠠᠭᠠᠨᠮᠥ᠋ᠴᠢᠷ ᠬᠤᠳᠳᠤᠭ︾᠂ ︽ᠰᠥᠨᠢᠳ ᠤᠨ ᠭᠤᠪᠢ ᠶᠢᠨ ᠲᠡᠮᠡᠭᠡ︾᠂ ︽ᠲᠡᠭᠷᠢ ᠎ ᠶᠢᠨ ᠰᠤᠶᠤᠷᠬᠠᠯ︾᠂ ︽ᠮᠦᠷᠦᠭᠡᠳᠦᠯ︾ ᠵᠡᠷᠭᠡ ᠭᠤᠴᠤ ᠰᠠᠶᠢᠬᠠᠨ ᠳᠤᠭᠯᠠᠯᠳᠠ ᠨᠤᠭᠤᠳ ᠠᠷᠤ ᠠᠷᠤ ᠠᠴᠠ ᠪᠠᠨ ᠶᠠᠪᠤᠭᠳᠠᠨ᠂ ᠤᠤᠭᠠᠨ ᠤᠯᠠᠭᠠᠨᠮᠦ᠋ᠴᠢᠷ ᠤᠨ ᠠᠯᠳᠠᠷ ᠢ ᠳᠠᠬᠢᠨᠳᠠ ᠡᠷᠬᠦᠵᠦ᠂ ᠪᠦᠬᠦᠶᠢᠯᠡ ᠳᠠᠯᠠᠪᠠᠢ ᠳᠤ ᠤᠷᠠᠯᠢᠭ ᠰᠤᠶᠤᠯ ᠤᠨ ᠦᠨᠢᠷ ᠦᠳᠭᠡᠨ ᠠᠭᠤᠷ ᠠᠮᠢᠰᠬᠤᠯ ᠪᠢᠯᠬᠠᠨ᠂ ᠬᠤᠷᠠᠭᠰᠠᠨ ᠤᠯᠠᠨ ᠦᠵᠡᠭᠴᠢᠳ ᠤᠨ ᠬᠠᠷᠠᠭ᠎ᠠ ᠰᠤᠨᠤᠷ ᠢ ᠪᠠᠶᠠᠰᠬᠠᠨ᠂ ᠤᠳᠬ᠎ᠠ ᠤᠷᠠᠯᠢᠭ ᠤᠨ ᠰᠤᠳᠤᠨ ᠰᠠᠶᠢᠬᠠᠨ ᠢᠶᠠᠷ ᠢᠶᠠᠨ ᠪᠠᠭ᠋ᠠᠳᠤᠯ᠎ᠠ᠃ ᠦᠳᠡᠰᠢᠯᠡᠭᠡ ᠳᠤ ᠪᠠᠰᠠ ᠳᠤᠮᠳᠠᠳᠤ ᠤᠯᠤᠰ ᠎ ᠤᠨ ᠤᠯᠠᠨ ᠤᠯᠤᠰ ᠤᠨ ᠰᠤᠨᠢᠨ ᠮᠡᠳᠡᠭᠡᠨ ᠤ ᠰᠡᠳᠬᠦᠯ ᠤᠨ ᠬᠤᠷᠢᠶᠠᠨ ᠤ ᠳᠠᠭᠤᠤ ᠬᠦᠭᠵᠢᠮ ᠤᠨ ᠳᠠᠮᠵᠢᠭᠤᠯᠭ᠎ᠠ ᠎ ᠶᠢᠨ ᠬᠦᠷᠢᠶᠡᠯᠡᠩ ᠤᠨ ᠳᠡᠳ᠋ ᠳᠠᠷᠤᠭ᠎ᠠ᠂ ᠵᠠᠯᠠᠭᠤ ᠳᠤᠭᠯᠠᠭᠴᠢ ᠭᠡ ᠭᠡ ᠠᠴᠠ ᠭᠤᠶᠢᠳᠠ ᠰᠠᠶᠢᠬᠠᠨ ᠳᠤᠭᠯᠠᠯᠳᠠ ᠪᠠᠨ ᠡᠷᠬᠦᠨ ᠪᠠᠷᠢᠵᠠᠢ᠃ ᠳᠤᠬᠠᠢ ᠶᠢᠨ ᠳᠠᠯᠠᠪᠠᠢ ᠳᠤ᠂ ᠪᠡᠭᠡᠵᠢᠩ᠂ ᠾᠧᠪᠸᠢ ᠵᠡᠷᠭᠡ ᠭᠠᠵᠠᠷ ᠠᠴᠠ ᠬᠦᠷᠦᠯᠴᠡᠨ ᠢᠷᠡᠭᠰᠡᠨ ᠵᠤᠭᠠᠴᠠᠭᠰᠠᠳ ᠲᠣᠭᠯᠠᠯᠲᠠ ᠰᠣᠨᠢᠷᠬᠠᠵᠤ᠂ ᠭᠤᠶᠢᠳᠠ ᠰᠠᠶᠢᠬᠠᠨ ᠲᠣᠭᠯᠠᠯᠲᠠ ᠨᠢ ᠤᠯᠠᠨ ᠤ ᠬᠠᠯᠠᠭᠤᠨ ᠳᠠᠭᠠᠰᠢᠶᠠᠯ ᠎ ᠳᠤ ᠬᠦᠷᠴᠡᠢ᠃      ᠤᠯᠠᠨ ᠵᠢᠯ ᠤᠨ ᠲᠤᠷᠰᠢ᠂ ᠬᠤᠰᠢᠭᠤ ᠤᠯᠠᠭᠠᠨᠮᠥ᠋ᠴᠢᠷ ︽ᠠᠷᠠᠳ ᠲᠦᠮᠡᠨ ᠢᠶᠠᠷ ᠭᠤᠣᠯ ᠪᠣᠯᠭᠠᠬᠤ︾ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠰᠡᠳᠦᠪᠲᠦ ᠤᠳᠬ᠎ᠠ ᠤᠷᠠᠯᠢᠭ ᠤᠨ ᠪᠦᠲᠦᠭᠡᠯ ᠢ ᠶᠡᠬᠡᠪᠡᠷ ᠵᠣᠬᠢᠶᠠᠨ ᠪᠦᠲᠦᠭᠡᠵᠦ᠂ ︽ᠬᠤᠶᠠᠷ ᠢ ᠴᠣᠭᠴᠠᠯᠠᠬᠤ︾᠎ ᠪᠠᠷ ᠭᠤᠤᠯ ᠪᠤᠯᠭᠠᠵᠤ ᠦᠵᠡᠯ ᠰᠠᠨᠠᠭᠠᠴᠢ ᠴᠢᠨᠠᠷ᠂ ᠤᠷᠠᠯᠢᠭᠴᠢ ᠴᠢᠨᠠᠷ᠂ ᠰᠣᠨᠢᠷᠬᠠᠯᠲᠤ ᠴᠢᠨᠠᠷ᠂ ᠴᠠᠭ ᠦᠶᠡᠴᠢ ᠴᠢᠨᠠᠷ ᠢ ᠣᠷᠭᠠᠨᠢᠭ ᠢᠶᠠᠷ ᠤᠶᠠᠯᠳᠤᠭᠤᠯᠵᠤ᠂ ᠰᠢᠨ᠎ᠡ ᠴᠠᠭ ᠦᠶ᠎ᠡ ᠶᠢᠨ ᠭᠤᠣᠯ ᠬᠦᠭ ᠠᠶᠠᠰ ᠢ ᠬᠠᠩᠭᠢᠨᠠᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠤᠯᠠᠭᠠᠨᠮᠥ᠋ᠴᠢᠷ ︽ᠰᠤᠷᠤᠯᠴᠠᠬᠤ᠂ ᠡᠭᠦᠳᠬᠦ᠂ ᠲᠣᠭᠯᠠᠬᠤ︾ ᠠᠵᠢᠯ ᠤᠨ ᠪᠠᠶᠢᠷᠢᠯᠠᠭᠤᠯᠤᠯᠲᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠤᠳᠬ᠎ᠠ ᠤᠷᠠᠯᠢᠭ ᠢᠶᠠᠷ ᠦᠨᠳᠦᠰᠦᠲᠡᠨ ᠨᠦᠭᠦᠳ ᠤᠨ ᠪᠦᠯᠬᠦᠮᠳᠡᠯ ᠴᠡᠴᠡᠭᠯᠡᠯ ᠢ ᠠᠬᠢᠭᠤᠯᠤᠨ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠠᠷᠠᠳ ᠤᠯᠠᠨ ᠤ ᠤᠯᠤᠯᠳᠠ ᠬᠦᠷᠳᠡᠮᠵᠢ᠂ ᠵᠤᠯ ᠵᠢᠷᠭᠠᠯ᠂ ᠠᠮᠤᠷ ᠲᠦᠪᠰᠢᠨ ᠲᠥᠷᠥᠭᠳᠡᠯ ᠢ ᠲᠠᠰᠤᠷᠠᠯᠳᠡ ᠦᠭᠡᠢ ᠨᠡᠮᠡᠭᠳᠡᠬᠦᠯᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号