︽ᠤᠮᠠᠷᠠᠲᠤ ᠬᠢᠯᠢ ᠶᠢᠨ ᠲᠠᠯ᠎ᠠ ᠨᠤᠲᠤᠭ᠂ ᠰᠥᠨᠢᠳ ᠤᠨ ᠪᠤᠯᠵᠤᠭ᠎ᠠ︾ ᠭᠤᠣᠯ ᠰᠡᠳᠦᠪᠲᠦ ᠤᠷᠠᠨ ᠰᠠᠶᠢᠬᠠᠨ ᠤ ᠦᠳᠡᠰᠢᠯᠡᠭᠡ ᠠᠮᠵᠢᠯᠳᠠᠳᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2024/1/9
       1 ᠰᠠᠷ᠎ᠠ ᠶᠢᠨ 8  ᠤ ᠣᠷᠣᠢ᠂ ︽ᠤᠮᠠᠷᠠᠲᠤ  ᠬᠢᠯᠢ ᠶᠢᠨ ᠲᠠᠯ᠎ᠠ ᠨᠤᠲᠤᠭ᠂ ᠰᠥᠨᠢᠳ  ᠤᠨ ᠪᠤᠯᠵᠤᠭ᠎ᠠ︾ ᠰᠦᠨᠢᠳ ᠪᠠᠷᠠᠭᠤᠨ ᠬᠤᠰᠢᠭᠤᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠨᠠᠭᠠᠳᠤᠮ᠂ ︽ᠮᠤᠩᠭᠤᠯ ᠮᠤᠷᠢᠨ  ᠤ ᠵᠤᠷᠢᠭ ᠰᠠᠨᠠᠭ᠎ᠠ ᠬᠤᠨᠳᠠᠭᠠᠳᠤ︾  ᠮᠤᠩᠭᠤᠯ ᠮᠤᠷᠢᠨ ᠤ ᠬᠤᠯᠪᠤᠭᠠᠳᠤ ᠤᠷᠤᠯᠳᠤᠭᠠᠨ ᠵᠢᠴᠢ ᠠᠷᠪᠠᠨ ᠲᠦᠷᠪᠡᠳᠦᠭᠡᠷ ᠬᠤᠭᠤᠴᠠᠭᠠᠨ ᠤ ᠳᠡᠮᠡᠭᠡᠨ ᠰᠤᠶᠤᠯ ᠤᠨ ᠨᠠᠶᠢᠷ ᠤᠨ ᠤᠷᠠᠨ ᠰᠠᠶᠢᠬᠠᠨ ᠤ ᠳᠤᠭᠯᠠᠯᠳᠠ ᠬᠤᠰᠢᠭᠤ ᠺᠢᠨᠤ᠋ ᠤᠷᠳᠤᠨ ᠳᠤ ᠦᠵᠡᠭᠴᠢᠳ ᠲᠦᠮᠡᠨ ᠲᠠᠢ ᠪᠠᠨ ᠵᠤᠯᠭᠠᠵᠤ ︽ᠨᠠᠭᠠᠳᠤᠮ︾ ᠤᠨ ᠰᠢᠷᠢᠰ ᠠᠵᠢᠯᠯᠠᠭᠠᠨ ᠤ ᠬᠦᠰᠢᠬᠡ  ᠶᠢ ᠰᠡᠬᠦᠯ᠎ᠡ᠃
       ︽ᠡᠬᠡ ᠤᠷᠤᠨ ᠢᠶᠠᠨ ᠮᠠᠭᠳᠠᠨ ᠲᠠᠭᠤᠯᠠᠶ᠎ᠠ︾ ᠭᠡᠬᠦ ᠳᠠᠭᠤᠤ ᠪᠠᠷ ᠠᠵᠢᠯᠯᠠᠭᠠᠨ ᠤ ᠰᠠᠯᠬᠢ ᠶᠢ ᠬᠠᠭᠠᠯᠵᠤ᠂ ︽ᠬᠤᠩᠭᠤᠷ ᠰᠢᠷᠭ᠎ᠠ︾᠂ ︽ᠬᠦᠰᠡᠯ ᠢ ᠳᠠᠳᠠᠭᠰᠠᠨ ᠨᠤᠳᠤᠭ︾᠂ ︽ᠦᠷᠨᠢᠨ ᠬᠦᠭᠵᠢᠭᠰᠡᠨ ᠥᠪᠥᠷ ᠮᠣᠩᠭᠤᠯ︾᠂ ︽ᠤᠯᠠᠭᠠᠨᠮᠥ᠋ᠴᠢᠷ ᠬᠤᠳᠳᠤᠭ︾᠂ ︽ᠰᠥᠨᠢᠳ ᠤᠨ ᠭᠤᠪᠢ ᠶᠢᠨ ᠲᠡᠮᠡᠭᠡ︾᠂ ︽ᠲᠡᠭᠷᠢ  ᠶᠢᠨ ᠰᠤᠶᠤᠷᠬᠠᠯ︾᠂ ︽ᠮᠦᠷᠦᠭᠡᠳᠦᠯ︾ ᠵᠡᠷᠭᠡ ᠭᠤᠴᠤ ᠰᠠᠶᠢᠬᠠᠨ ᠳᠤᠭᠯᠠᠯᠳᠠ ᠨᠤᠭᠤᠳ ᠠᠷᠤ ᠠᠷᠤ ᠠᠴᠠ ᠪᠠᠨ ᠶᠠᠪᠤᠭᠳᠠᠨ᠂ ᠤᠤᠭᠠᠨ ᠤᠯᠠᠭᠠᠨᠮᠦ᠋ᠴᠢᠷ ᠤᠨ ᠠᠯᠳᠠᠷ ᠢ ᠳᠠᠬᠢᠨᠳᠠ ᠡᠷᠬᠦᠵᠦ᠂ ᠪᠦᠬᠦᠶᠢᠯᠡ ᠳᠠᠯᠠᠪᠠᠢ ᠳᠤ ᠤᠷᠠᠯᠢᠭ ᠰᠤᠶᠤᠯ ᠤᠨ ᠦᠨᠢᠷ ᠦᠳᠭᠡᠨ ᠠᠭᠤᠷ ᠠᠮᠢᠰᠬᠤᠯ ᠪᠢᠯᠬᠠᠨ᠂ ᠬᠤᠷᠠᠭᠰᠠᠨ ᠤᠯᠠᠨ ᠦᠵᠡᠭᠴᠢᠳ ᠤᠨ ᠬᠠᠷᠠᠭ᠎ᠠ ᠰᠤᠨᠤᠷ ᠢ ᠪᠠᠶᠠᠰᠬᠠᠨ᠂ ᠤᠳᠬ᠎ᠠ ᠤᠷᠠᠯᠢᠭ ᠤᠨ ᠰᠤᠳᠤᠨ ᠰᠠᠶᠢᠬᠠᠨ ᠢᠶᠠᠷ ᠢᠶᠠᠨ ᠪᠠᠭ᠋ᠠᠳᠤᠯ᠎ᠠ᠃ ᠦᠳᠡᠰᠢᠯᠡᠭᠡ ᠳᠤ ᠪᠠᠰᠠ ᠳᠤᠮᠳᠠᠳᠤ ᠤᠯᠤᠰ  ᠤᠨ ᠤᠯᠠᠨ ᠤᠯᠤᠰ ᠤᠨ ᠰᠤᠨᠢᠨ ᠮᠡᠳᠡᠭᠡᠨ ᠤ ᠰᠡᠳᠬᠦᠯ ᠤᠨ ᠬᠤᠷᠢᠶᠠᠨ ᠤ ᠳᠠᠭᠤᠤ ᠬᠦᠭᠵᠢᠮ ᠤᠨ ᠳᠠᠮᠵᠢᠭᠤᠯᠭ᠎ᠠ  ᠶᠢᠨ ᠬᠦᠷᠢᠶᠡᠯᠡᠩ ᠤᠨ ᠳᠡᠳ᠋ ᠳᠠᠷᠤᠭ᠎ᠠ᠂ ᠵᠠᠯᠠᠭᠤ ᠳᠤᠭᠯᠠᠭᠴᠢ ᠭᠡ ᠭᠡ ᠠᠴᠠ ᠭᠤᠶᠢᠳᠠ ᠰᠠᠶᠢᠬᠠᠨ ᠳᠤᠭᠯᠠᠯᠳᠠ ᠪᠠᠨ ᠡᠷᠬᠦᠨ ᠪᠠᠷᠢᠵᠠᠢ᠃ ᠳᠤᠬᠠᠢ ᠶᠢᠨ ᠳᠠᠯᠠᠪᠠᠢ ᠳᠤ᠂ ᠪᠡᠭᠡᠵᠢᠩ᠂ ᠾᠧᠪᠸᠢ ᠵᠡᠷᠭᠡ ᠭᠠᠵᠠᠷ ᠠᠴᠠ ᠬᠦᠷᠦᠯᠴᠡᠨ ᠢᠷᠡᠭᠰᠡᠨ ᠵᠤᠭᠠᠴᠠᠭᠰᠠᠳ ᠲᠣᠭᠯᠠᠯᠲᠠ ᠰᠣᠨᠢᠷᠬᠠᠵᠤ᠂ ᠭᠤᠶᠢᠳᠠ ᠰᠠᠶᠢᠬᠠᠨ ᠲᠣᠭᠯᠠᠯᠲᠠ ᠨᠢ ᠤᠯᠠᠨ ᠤ ᠬᠠᠯᠠᠭᠤᠨ ᠳᠠᠭᠠᠰᠢᠶᠠᠯ  ᠳᠤ ᠬᠦᠷᠴᠡᠢ᠃      ᠤᠯᠠᠨ ᠵᠢᠯ ᠤᠨ ᠲᠤᠷᠰᠢ᠂ ᠬᠤᠰᠢᠭᠤ ᠤᠯᠠᠭᠠᠨᠮᠥ᠋ᠴᠢᠷ ︽ᠠᠷᠠᠳ ᠲᠦᠮᠡᠨ ᠢᠶᠠᠷ ᠭᠤᠣᠯ ᠪᠣᠯᠭᠠᠬᠤ︾ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠰᠡᠳᠦᠪᠲᠦ ᠤᠳᠬ᠎ᠠ ᠤᠷᠠᠯᠢᠭ ᠤᠨ ᠪᠦᠲᠦᠭᠡᠯ ᠢ ᠶᠡᠬᠡᠪᠡᠷ ᠵᠣᠬᠢᠶᠠᠨ ᠪᠦᠲᠦᠭᠡᠵᠦ᠂ ︽ᠬᠤᠶᠠᠷ ᠢ ᠴᠣᠭᠴᠠᠯᠠᠬᠤ︾ ᠪᠠᠷ ᠭᠤᠤᠯ ᠪᠤᠯᠭᠠᠵᠤ ᠦᠵᠡᠯ ᠰᠠᠨᠠᠭᠠᠴᠢ ᠴᠢᠨᠠᠷ᠂ ᠤᠷᠠᠯᠢᠭᠴᠢ ᠴᠢᠨᠠᠷ᠂ ᠰᠣᠨᠢᠷᠬᠠᠯᠲᠤ ᠴᠢᠨᠠᠷ᠂ ᠴᠠᠭ ᠦᠶᠡᠴᠢ ᠴᠢᠨᠠᠷ ᠢ ᠣᠷᠭᠠᠨᠢᠭ ᠢᠶᠠᠷ ᠤᠶᠠᠯᠳᠤᠭᠤᠯᠵᠤ᠂ ᠰᠢᠨ᠎ᠡ ᠴᠠᠭ ᠦᠶ᠎ᠡ ᠶᠢᠨ ᠭᠤᠣᠯ ᠬᠦᠭ ᠠᠶᠠᠰ ᠢ ᠬᠠᠩᠭᠢᠨᠠᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠤᠯᠠᠭᠠᠨᠮᠥ᠋ᠴᠢᠷ ︽ᠰᠤᠷᠤᠯᠴᠠᠬᠤ᠂ ᠡᠭᠦᠳᠬᠦ᠂ ᠲᠣᠭᠯᠠᠬᠤ︾ ᠠᠵᠢᠯ ᠤᠨ ᠪᠠᠶᠢᠷᠢᠯᠠᠭᠤᠯᠤᠯᠲᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠤᠳᠬ᠎ᠠ ᠤᠷᠠᠯᠢᠭ ᠢᠶᠠᠷ ᠦᠨᠳᠦᠰᠦᠲᠡᠨ ᠨᠦᠭᠦᠳ ᠤᠨ ᠪᠦᠯᠬᠦᠮᠳᠡᠯ ᠴᠡᠴᠡᠭᠯᠡᠯ ᠢ ᠠᠬᠢᠭᠤᠯᠤᠨ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠠᠷᠠᠳ ᠤᠯᠠᠨ ᠤ ᠤᠯᠤᠯᠳᠠ ᠬᠦᠷᠳᠡᠮᠵᠢ᠂ ᠵᠤᠯ ᠵᠢᠷᠭᠠᠯ᠂ ᠠᠮᠤᠷ ᠲᠦᠪᠰᠢᠨ ᠲᠥᠷᠥᠭᠳᠡᠯ ᠢ ᠲᠠᠰᠤᠷᠠᠯᠳᠡ ᠦᠭᠡᠢ ᠨᠡᠮᠡᠭᠳᠡᠬᠦᠯᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号