9 ᠰᠠᠷ᠎ᠠ ᠶᠢᠨ 30 ᠤ ᠦᠳᠡ ᠶᠢᠨ ᠡᠮᠦᠨ᠎ᠡ᠂ ᠮᠠᠨ ᠤ ᠬᠤᠰᠢᠭᠤ ᠤᠯᠤᠰ ᠤᠨ ᠳᠤᠭ ᠮᠠᠨᠳᠤᠭᠤᠯᠬᠤ | ᠶᠤᠰᠤᠯᠠᠯ ᠶᠠᠪᠤᠭᠳᠠᠭᠤᠯᠤᠨ ᠬᠠᠮᠳᠤᠪᠡᠷ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢᠨ ᠪᠠᠶᠠᠷ ᠢᠶᠠᠨ | ᠪᠡᠯᠭᠡᠯᠡᠵᠦ᠂ ᠠᠭᠤᠤ ᠶᠡᠭᠡ ᠡᠬᠡ ᠤᠯᠤᠰ ᠤᠨ ᠢᠶᠠᠨ ᠬᠦᠭᠵᠢᠯ ᠴᠡᠴᠡᠭᠯᠡᠯ ᠢ ᠵᠥᠩᠨᠡᠪᠡ᠃ ᠪᠦᠬᠦ ᠬᠤᠰᠢᠭᠤᠨ ᠤ ᠳᠡᠳ᠋ | ᠭᠠᠵᠠᠷ ᠤᠨ ᠳᠡᠰ ᠠᠴᠠ ᠳᠡᠭᠡᠭᠰᠢᠬᠢ ᠤᠳᠤᠷᠢᠳᠬᠤ ᠺᠠᠳ᠋ᠷ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ | ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠬᠡᠰᠢᠬᠦᠳ ᠠᠵᠢᠯᠯᠠᠭ᠎ᠠ ᠳᠤ ᠣᠷᠣᠯᠴᠠᠪᠠ᠃ | ᠪᠦᠬᠦ ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠡ ᠶᠢᠨ ᠨᠠᠮ ᠤᠨ ᠭᠡᠰᠢᠬᠦᠳ ᠤᠷᠭᠤᠬᠤ ᠨᠠᠷᠠᠨ ᠢᠶᠠᠷ | ᠬᠤᠰᠢᠭᠤ ᠨᠠᠮ ᠵᠠᠰᠠᠭ ᠤᠨ ᠠᠯᠪᠠᠨ ᠠᠰᠠᠷ ᠤᠨ ᠡᠮᠦᠨ᠎ᠡ ᠴᠤᠭᠯᠠᠷᠠᠵᠠᠭᠠᠨ᠂ ᠲᠡᠷᠢ ᠳᠡᠭᠰᠢ ᠡᠩᠨᠡᠷᠡᠨ ᠵᠢᠭᠰᠠᠵᠤ᠂ | ᠤᠯᠤᠰ ᠤᠨ ᠳᠤᠭ ᠬᠠᠮᠠᠭᠠᠯᠠᠬᠤ ᠠᠩᠭᠢ ᠣᠯᠣᠰ ᠤᠨ ᠰᠦᠯᠳᠡ ᠳᠠᠭᠤᠨ ᠤ ᠡᠬᠡᠰᠢᠬᠡᠨ ᠳᠤᠮᠳᠠ ᠢᠳᠡᠷᠡᠭᠦᠨ | ᠠᠯᠬᠤᠭ᠎ᠠ ᠪᠠᠷ ᠠᠯᠬᠤᠨ᠂ ᠤᠯᠠᠭᠠᠨ ᠲᠤᠭ ᠢᠶᠠᠨ ᠤᠭᠳᠠᠷᠭᠤᠢ ᠳᠤ ᠨᠠᠮᠢᠷᠠᠭᠤᠯᠤᠯᠠ᠃ ᠤᠯᠠᠨ ᠢᠶᠠᠷ ᠢᠶᠠᠨ ᠤᠯᠤᠰ | ᠤᠨ ᠰᠦᠯᠳᠡ ᠳᠠᠭᠤᠤ ᠶᠢ ᠬᠠᠮᠲᠤ ᠪᠠᠷ ᠳᠠᠭᠤᠯᠠᠵᠤ᠂ ᠤᠯᠤᠰ ᠤᠨ ᠲᠤᠭ ᠢ ᠰᠢᠷᠳᠡᠨ᠂ ᠣᠷᠭᠢᠯᠤᠮ᠎ᠠ ᠬᠠᠯᠠᠭᠤᠨ ᠡᠬᠡ | ᠣᠷᠣᠨᠴᠢ ᠬᠠᠶᠢᠷ᠎ᠠ ᠰᠡᠳᠬᠢᠯᠭᠡ ᠪᠠᠨ ᠢᠯᠡᠳᠭᠡᠨ᠎ᠡ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠠᠨ ᠶᠧᠦ ᠴᠢᠶᠠᠩ ᠬᠤᠰᠢᠭᠤ ᠨᠠᠮ ᠤᠨ ᠬᠤᠷᠢᠶ᠎ᠠ ᠶᠢ | ᠲᠥᠯᠥᠭᠡᠯᠡᠨ ᠪᠠᠶᠠᠷ ᠤᠨ ᠶᠠᠷᠢᠶ᠎ᠠ ᠬᠢᠵᠡᠢ᠃ ᠲᠡᠷᠡ ᠵᠢᠭᠠᠬᠤ ᠳᠤ ᠪᠠᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠬᠦ ᠳᠠᠯ᠎ᠠ ᠪᠠᠷ ᠪᠠᠶᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠬᠡᠬᠦᠳᠡᠭ ᠳᠦᠭᠦᠷᠡᠩ ᠤᠯᠤᠰ | ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠪᠣᠳᠠᠲᠠᠶ ᠠᠵᠢᠯ ᠳᠤ ᠪᠠᠨ ᠠᠭᠤᠰᠬᠠᠵᠤ᠂ ᠪᠥᠬᠦ ᠬᠤᠰᠢᠭᠤᠨ ᠤ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠬᠦᠵᠦ᠂ ᠮᠠᠨ ᠤ ᠤᠯᠤᠰ ᠤᠨ | ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠳᠤ ᠭᠡᠷᠡᠯ ᠭᠢᠯᠪᠠᠭ᠎ᠠ ᠨᠡᠮᠡᠷᠢᠯᠡᠬᠦ ᠬᠡᠷᠡᠭᠲᠡᠶ | ᠬᠡᠵᠡᠢ᠃ | ᠶᠣᠰᠣᠯᠠᠯ ᠤᠨ ᠳᠠᠷᠠᠭ᠎ᠠ᠂ ᠪᠥᠬᠦ ᠨᠠᠮ ᠤᠨ ᠭᠡᠰᠢᠭᠦᠨ ᠺᠠᠳ᠋ᠷ ᠤᠯᠠᠭᠠᠨᠮᠥ᠋ᠴᠢᠷ ᠤᠨ ᠭᠡᠰᠢᠭᠦᠳ ᠲᠠᠢ ᠬᠠᠮᠳᠤᠪᠡᠷ ︽ | ᠡᠬᠡ ᠤᠯᠤᠰ ᠲᠠᠢ ᠪᠠᠨ ᠪᠢ︾ ᠭᠡᠬᠦ ᠳᠠᠭᠤᠤ ᠶᠢ ᠳᠠᠭᠤᠯᠠᠵᠤ᠂ ᠠᠭᠤᠤ ᠶᠡᠭᠡ ᠡᠬᠡ ᠤᠯᠤᠰ ᠲᠠᠭᠠᠨ ᠴᠢᠩ ᠰᠡᠳᠬᠢᠯ | ᠤᠨ ᠵᠥᠩᠨᠡᠯ ᠳᠡᠪᠰᠢᠭᠦᠯᠪᠡ᠃ | |