ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ ᠡᠷᠡᠯᠬᠡᠭᠯᠡᠨ ᠤᠷᠤᠭᠰᠢᠯᠠᠬᠤ ᠬᠦᠴᠦᠨ ᠎ ᠢᠶᠠᠨ ᠨᠢᠭᠳᠠᠷᠠᠭᠤᠯᠤᠯ᠎ᠠ
ᠨᠡᠶᠢᠲᠡᠯᠡᠭᠰᠡᠨ ᠴᠠᠭ᠄
2024/10/1
     ᠤᠯᠤᠰ ᠤᠨ ᠠᠷᠪᠠᠨ ᠨᠢᠭᠡᠳᠡᠬᠢ ᠦᠷᠡᠭᠳᠡᠭᠰᠡᠨ ᠪᠠᠭᠠᠳᠤᠷᠴᠤᠳ ᠢᠶᠠᠨ ᠳᠤᠷᠠᠰᠬᠠᠬᠤ ᠡᠳᠦᠷ ᠢ ᠳᠤᠬᠢᠶᠠᠯᠳᠤᠭᠤᠯᠤᠨ᠂ 9 ᠰᠠᠷ᠎ᠠ ᠶᠢᠨ 30᠎ ᠤ ᠡᠳᠦᠷ᠂ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠬᠤᠪᠢᠰᠬᠠᠯ ᠎ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠳᠤ ᠬᠦᠷᠴᠦ᠂ ᠦᠷᠡᠭᠳᠡᠭᠰᠡᠨ ᠪᠠᠭᠠᠲᠤᠷᠴᠤᠳ ᠎ ᠢᠶᠠᠨ ᠳᠤᠷᠠᠰᠬᠠᠬᠤ ᠨᠡᠶᠢᠲᠡ ᠶᠢᠨ ᠲᠠᠬᠢᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠡᠮᠭᠡᠨᠢᠯ ᠭᠠᠰᠢᠭᠤᠳᠠᠯ ᠢᠶᠠᠨ ᠢᠯᠡᠷᠭᠡᠶᠢᠯᠡᠵᠡᠢ᠃      ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶᠡᠨ ᠤ ᠡᠮᠦᠨ᠎ᠡ᠂ ᠤᠯᠠᠨ ᠢᠶᠠᠷ ᠢᠶᠠᠨ ᠲᠦᠪ ᠬᠢᠴᠢᠶᠡᠩᠭᠦᠢ ᠪᠠᠷ ᠨᠠᠮᠠᠨᠴᠢᠯᠠᠨ ᠵᠤᠭᠰᠤᠵᠤ᠂ ᠶᠣᠰᠣᠯᠠᠯ ᠤᠨ ᠴᠡᠷᠢᠭ ᠴᠡᠴᠡᠭᠲᠦ ᠰᠠᠭᠰᠤ ᠡᠷᠭᠦᠨ᠂ ᠬᠤᠰᠢᠭᠤ ᠨᠠᠮ ᠎ ᠤᠨ ᠬᠤᠷᠢᠶᠠᠨ ᠤ ᠱᠦᠵᠢ ᠴᠧᠨ ᠢᠦᠢ ᠴᠧᠩ ᠴᠡᠴᠡᠭᠲᠦ ᠰᠠᠭᠰᠤ ᠶᠢᠨ ᠳᠤᠷᠭᠠᠨ ᠪᠦᠴᠡ ᠶᠢ ᠨᠢᠮᠪᠠᠶᠢᠯᠠᠨ ᠳᠡᠭᠰᠢᠯᠡᠵᠦ᠂ ᠦᠷᠡᠭᠳᠡᠭᠰᠡᠨ ᠪᠠᠭᠠᠳᠤᠷᠴᠤᠳ ᠢᠶᠠᠨ ᠳᠤᠷᠠᠰᠤᠨ ᠮᠦᠷᠦᠭᠡᠳᠴᠦ᠂ ᠠᠴᠢ ᠭᠠᠪᠢᠶ᠎ᠠ ᠶᠢ ᠨᠢ ᠬᠦᠨᠳᠦᠳᠭᠡᠨ ᠪᠢᠰᠢᠷᠡᠵᠦ᠂ ᠠᠤᠭ᠎ᠠ ᠵᠢᠳᠬᠦᠯ ᠢ ᠨᠢ ᠮᠡᠳᠡᠷᠡᠵᠦ᠂ ᠡᠮᠭᠡᠨᠢᠨ ᠭᠠᠰᠢᠭᠤᠳᠠᠵᠤ ᠪᠠᠶᠢᠭ᠎ᠠ ᠪᠠᠨ ᠢᠯᠡᠷᠭᠡᠶᠢᠯᠡᠯ᠎ᠡ᠃      ᠬᠤᠰᠢᠭᠤ ᠳᠡᠳ᠋ ᠳᠠᠷᠤᠭ᠎ᠠ ᠶᠠᠩ ᠵᠠᠨ ᠴᠢᠩ ᠠᠵᠢᠯᠯᠠᠭ᠎ᠠ ᠶᠢ ᠡᠷᠬᠢᠯᠡᠭᠰᠡᠨ ᠤ ᠬᠠᠮᠲᠤ ᠢᠯᠡᠷᠬᠡᠶᠢᠯᠡᠬᠦ ᠳᠡᠭᠡᠨ᠂ ᠦᠷᠡᠭᠳᠡᠭᠰᠡᠨ ᠪᠠᠭᠠᠲᠤᠷᠴᠤᠳ ᠠᠷᠢᠭᠤᠨ ᠴᠢᠰᠤ ᠪᠠᠷ ᠢᠶᠠᠨ ᠦᠨᠳᠦᠰᠦᠲᠡᠨ ᠤ ᠨᠡᠷ᠎ᠡ ᠬᠦᠨᠳᠦ ᠪᠠ ᠲᠤᠰᠠᠭᠠᠷ ᠲᠣᠭᠲᠠᠨᠢᠯ ᠢ ᠬᠠᠮᠠᠭᠠᠯᠠᠵᠤ᠂ ᠠᠮᠢ ᠨᠠᠰᠤ ᠪᠠᠷ ᠢᠶᠠᠨ ᠥᠨᠥᠳᠦᠷ ᠤᠨ ᠡᠩᠬᠡ ᠲᠠᠶᠢᠪᠤᠩ ᠪᠠ ᠬᠥᠭᠵᠢᠯ ᠴᠡᠴᠡᠭᠯᠡᠯ ᠢ ᠰᠣᠯᠢᠵᠤ ᠠᠪᠴᠢᠷᠠᠨ᠂ ᠪᠠᠭᠠᠲᠤᠷ ᠰᠦᠨᠡᠰᠦ ᠨᠢ ᠦᠷᠡᠭᠳᠡᠭᠰᠡᠨ ᠴᠦ ᠵᠣᠷᠢᠭ ᠰᠠᠨᠠᠭ᠎ᠠ ᠨᠢ ᠬᠡᠪ ᠢᠶᠠᠷ ᠢᠶᠠᠨ ᠪᠠᠶᠢᠨ᠎ᠠ᠂ ᠣᠯᠠᠨ ᠢᠶᠠᠷ ᠢᠶᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠵᠠᠯᠭᠠᠮᠵᠢᠯᠠᠨ᠂ ᠨᠠᠩ ᠪᠠᠲᠤ ᠴᠢᠩᠭ᠎ᠠ ᠢᠲᠡᠭᠡᠯ ᠵᠣᠷᠢᠭ᠂ ᠨᠠᠩ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠲᠠᠰᠤᠷᠠᠯᠲᠠ ᠥᠬᠡᠶ ᠲᠡᠮᠡᠴᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠶᠯᠡᠰ ᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠬᠡᠷᠡᠭᠲᠡᠶ ᠭᠡᠵᠡᠶ᠃      ᠪᠥᠬᠦ ᠬᠤᠰᠢᠭᠤᠨ ᠤ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ ᠵᠢᠴᠢ ᠰᠢᠭᠤᠳ ᠬᠠᠮᠢᠶᠠᠷᠬᠤ ᠨᠢᠭᠡᠴᠡ ᠎ ᠶᠢᠨ ᠺᠠᠳ᠋ᠷ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭᠠᠨ ᠤ ᠲᠥᠯᠥᠭᠡᠯᠡᠭᠴᠢ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠲᠥᠯᠥᠭᠡᠯᠡᠭᠴᠢ᠂ ᠵᠡᠪᠰᠡᠭᠲᠦ ᠴᠠᠭᠳᠠᠭᠠᠨ ᠤ ᠳᠤᠮᠳᠠ ᠠᠩᠭᠢ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠲᠥᠯᠥᠭᠡᠯᠡᠭᠴᠢ᠂ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ᠂ ᠴᠡᠷᠢᠭ ᠠᠴᠠ ᠬᠠᠯᠠᠭᠳᠠᠭᠰᠠᠨ ᠺᠠᠳ᠋ᠷ᠂ ᠵᠢᠱᠢᠶᠡᠴᠢ ᠴᠡᠷᠢᠭ ᠠᠴᠠ ᠬᠠᠯᠠᠭᠳᠠᠭᠰᠠᠳ᠂ ᠬᠠᠮᠤᠭ ᠤᠨ ᠭᠤᠶᠣ ᠴᠡᠷᠢᠭ ᠎ ᠠᠴᠠ ᠬᠠᠯᠠᠭᠳᠠᠭᠰᠠᠳ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号