ᠮᠠᠨ ᠤ ᠬᠤᠰᠢᠭᠤ ︽ᠦᠨᠳᠦᠰᠦᠲᠡᠨ ᠨᠦᠭᠦᠳ ᠪᠦᠯᠬᠦᠮᠳᠡᠨ ᠨᠢᠭᠲᠠᠷᠠᠵᠤ ᠨᠢᠭᠡ ᠭᠡᠷ ᠤᠨ ᠬᠦᠮᠦᠰ ᠮᠡᠲᠦ ᠳᠤᠳᠤᠨᠤ ᠪᠠᠶᠢᠬᠤ ᠪᠦᠬᠦ ᠬᠤᠰᠢᠭᠤᠨ ᠤ ᠺᠠᠳ᠋ᠷ ᠠᠵᠢᠯᠳᠠᠨ ᠤ ᠬᠠᠮᠲᠤ ᠶᠢᠨ ᠠᠯᠬᠤᠬᠤ ᠠᠵᠢᠯᠯᠠᠭ᠎ᠠ︾ ᠦᠷᠨᠢᠬᠦᠯᠦᠭᠰᠡᠨ
ᠨᠡᠶᠢᠲᠡᠯᠡᠭᠰᠡᠨ ᠴᠠᠭ᠄
2024/10/1
     ᠤᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠠᠵᠢᠯᠴᠢᠨ ᠤ ᠶᠡᠷᠦᠩᠬᠡᠢ ᠡᠪᠯᠡᠯ᠂ ᠰᠣᠶᠣᠯ ᠲᠠᠮᠢᠷ ᠤᠨ ᠲᠣᠪᠴᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠬᠠᠮᠲᠤᠷᠠᠨ ᠡᠷᠬᠢᠯᠡᠭᠰᠡᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ ᠵᠢᠴᠢ ︽ᠦᠨᠳᠦᠰᠦᠲᠡᠨ ᠨᠦᠭᠦᠳ ᠪᠦᠯᠬᠦᠮᠳᠡᠨ ᠨᠢᠭᠲᠠᠷᠠᠵᠤ ᠨᠢᠭᠡ ᠭᠡᠷ ᠤᠨ ᠬᠦᠮᠦᠰ ᠮᠡᠲᠦ ᠳᠤᠳᠤᠨᠤ ᠪᠠᠶᠢᠬᠤ ᠪᠦᠬᠦ ᠬᠤᠰᠢᠭᠤᠨ ᠤ ᠺᠠᠳ᠋ᠷ ᠠᠵᠢᠯᠳᠠᠨ ᠤ ᠬᠠᠮᠲᠤ ᠶᠢᠨ ᠠᠯᠬᠤᠬᠤ ᠠᠵᠢᠯᠯᠠᠭ᠎ᠠ︾ ᠬᠤᠰᠢᠭᠤ ᠤᠯᠠᠭᠠᠨᠮᠥ᠋ᠴᠢᠷ ᠲᠠᠯᠠᠪᠠᠢ ᠳᠤ ᠡᠬᠢᠯᠡᠵᠦ᠂ ᠮᠢᠩᠭ᠎ᠠ ᠭᠠᠷᠤᠢ ᠺᠠᠳ᠋ᠷ ᠠᠵᠢᠯᠲᠠᠨ ᠠᠵᠢᠯᠯᠠᠭ᠎ᠠ ᠳᠤ ᠤᠷᠤᠯᠴᠠᠵᠦ᠂ ᠡᠬᠡ ᠤᠯᠤᠰ ᠤᠨ ᠢᠶᠠᠨ 75 ᠵᠢᠯ ᠤᠨ ᠣᠢ ᠳᠤ ᠪᠡᠯᠡᠭ ᠪᠠᠷᠢᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠦ ᠮᠢᠨ᠂ ᠬᠤᠰᠢᠭᠤ ᠠᠷᠠᠳ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠠᠩ ᠸᠧᠨ ᠱᠧᠩ᠂ ᠬᠤᠰᠢᠭᠤ ᠳᠡᠳ᠋ ᠳᠠᠷᠤᠭ᠎ᠠ ᠶᠠᠩ ᠵᠠᠨ ᠴᠢᠩ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠦᠨᠡᠨᠴᠢ ᠠᠵᠢᠯᠯᠠᠭ᠎ᠠ ᠳᠤ ᠣᠷᠣᠯᠴᠠᠵᠠᠢ᠃ ᠯᠤ᠋ ᠮᠢᠨ ᠠᠵᠢᠯᠯᠠᠭ᠎ᠠ ᠡᠬᠢᠯᠡᠭᠰᠡᠨ ᠢ ᠵᠠᠷᠯᠠᠵᠦ᠂ ᠦᠨᠡᠨᠴᠢ ᠶᠠᠷᠢᠶ᠎ᠠ ᠬᠢᠭᠰᠡᠨ ᠪᠠᠶᠢᠨ᠎ᠠ᠃      ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠰᠦᠷ ᠵᠢᠪᠬᠤᠯᠠᠩᠲᠤ ᠬᠥᠭ ᠠᠶᠠᠰ ᠴᠤᠤᠷᠢᠶᠠᠲᠤᠬᠤ ᠶᠢ ᠳᠠᠭᠠᠯᠳᠤᠨ᠂ ᠤᠯᠠᠭᠠᠨᠮᠥ᠋ᠴᠢᠷ ᠤᠨ ᠲᠤᠭᠯᠠᠭᠴᠢᠳ ᠪᠦᠬᠦ ᠬᠤᠰᠢᠭᠤᠨ ᠤ ᠺᠠᠳ᠋ᠷ ᠠᠵᠢᠯᠲᠠᠨ ᠲᠠᠢ ᠬᠠᠮᠲᠤ ᠪᠠᠷ ᠡᠬᠡ ᠤᠯᠤᠰ ᠢᠶᠠᠨ ᠮᠠᠭᠲᠠᠨ ᠳᠠᠭᠤᠯᠠᠵᠠᠭᠠᠪᠠ᠃ ᠡᠬᠢᠯᠡᠯᠳᠡ ᠶᠢᠨ ᠲᠤᠬᠢᠶ᠎ᠠ ᠲᠤᠤᠭᠠᠷᠮᠠᠭᠴᠠ ᠺᠠᠳ᠋ᠷ ᠠᠵᠢᠯᠳᠠᠳ ᠤᠷᠬᠢᠯᠤᠮ᠎ᠠ ᠬᠠᠯᠠᠭᠤᠨ ᠰᠡᠳᠬᠢᠯᠭᠡ᠂ ᠴᠤᠭ ᠪᠠᠳᠠᠷᠠᠩᠭᠤᠢ ᠲᠦᠷᠰᠦ ᠪᠠᠶᠢᠳᠠᠯ ᠢᠶᠠᠷ ᠢᠳᠡᠷᠡᠬᠦᠨ ᠠᠯᠬᠤᠭ᠎ᠠ ᠪᠠᠨ ᠡᠬᠢᠯᠡᠬᠦᠯᠵᠦ᠂ ᠤᠯᠠᠭᠠᠨᠮᠦ᠋ᠴᠢᠷ ᠲᠠᠯᠠᠪᠠᠢ ᠠᠴᠠ ᠮᠤᠷᠳᠠᠵᠦ᠂ ᠠᠯᠬᠤᠬᠤ ᠶᠢᠨ ᠲᠠᠭᠠᠤ ᠤᠯᠠᠨ ᠢᠶᠠᠷ ᠢᠶᠠᠨ ᠵᠠᠮ ᠲᠠᠭᠠᠤ ᠶᠢᠨ ᠦᠩᠭᠡ ᠦᠵᠡᠮᠵᠢ ᠶᠢ ᠰᠤᠨᠢᠷᠬᠠᠨ᠂ ᠪᠡᠶ᠎ᠡ ᠮᠠᠬᠠᠪᠤᠳ ᠢᠶᠠᠨ ᠪᠤᠯᠪᠠᠰᠤᠷᠠᠭᠤᠯᠤᠭᠰᠠᠨ ᠢᠶᠠᠷ ᠪᠠᠷᠠᠬᠤ ᠦᠭᠡᠢ ᠬᠠᠷᠢᠯᠴᠠᠭ᠎ᠠ ᠪᠠᠷ ᠳᠠᠮᠵᠢᠨ ᠬᠠᠶᠢᠷ᠎ᠠ ᠰᠡᠳᠬᠢᠯᠭᠡ ᠪᠠᠨ ᠨᠡᠮᠡᠭᠳᠡᠬᠦᠯᠪᠡ᠃ᠣᠶᠢᠯᠠᠭᠠᠭᠰᠠᠨ ᠢᠶᠠᠷ᠂ ᠲᠤᠰ ᠤᠳᠠᠭᠠᠨ ᠤ ᠠᠯᠬᠤᠬᠤ ᠠᠵᠢᠯᠯᠠᠭ᠎ᠠ ᠶᠢᠨ ᠪᠦᠬᠦ ᠶᠠᠪᠤᠴᠠ ᠨᠢ 10 ᠺᠢᠯᠤᠮᠧᠲᠷ ᠪᠠᠶᠢᠵᠤ᠂ ᠨᠡᠶᠢᠲᠡ 75 ᠨᠢᠭᠡᠴᠡ ᠶᠢᠨ 1000 ᠰᠢᠬᠠᠮ ᠺᠠᠳ᠋ᠷ ᠠᠵᠢᠯᠲᠠᠨ ᠣᠷᠣᠯᠴᠠᠵᠠᠢ᠃      ᠣᠶᠢᠷ᠎ᠠ ᠶᠢᠨ ᠵᠢᠯ ᠳᠤ᠂ ᠮᠠᠨ ᠤ ᠬᠤᠰᠢᠭᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠪᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠥᠷᠭᠡᠨ ᠣᠯᠠᠨ ᠪᠡᠶ᠎ᠡ ᠶᠢᠨ ᠲᠠᠮᠢᠷ ᠤᠨ ᠳᠤᠷ᠎ᠠ ᠪᠠᠭ᠋ᠠᠲᠠᠢ ᠬᠥᠮᠦᠰ ᠲᠤ ᠲᠠᠪᠴᠠᠩ ᠪᠠᠶᠢᠭᠤᠯᠤᠨ ᠥᠭᠴᠦ᠂ ᠠᠷᠠᠳ ᠤᠨ ᠤᠷᠤᠯᠳᠤᠭᠠᠨ ᠤ ᠠᠵᠢᠯᠯᠠᠭ᠎ᠠ ᠲᠠᠰᠤᠷᠠᠯᠲᠠ ᠦᠭᠡᠢ ᠤᠯᠠᠰᠢᠷᠠᠵᠦ᠂ ᠪᠦᠬᠦ ᠠᠷᠠᠳ ᠤᠨ ᠪᠡᠶ᠎ᠡ ᠶᠢᠨ ᠲᠠᠮᠢᠷ ᠤᠨ ᠦᠢᠯᠡᠰ ᠤᠨ ᠨᠥᠭᠡᠴᠡ ᠬᠦᠴᠦᠨ ᠲᠡᠭᠦᠯᠳᠡᠷ ᠪᠠᠶᠢᠭᠰᠠᠭᠠᠷ ᠪᠠᠶᠢᠨ᠎ᠠ᠃ ᠲᠤᠰ ᠤᠳᠠᠭᠠᠨ ᠤ ᠠᠯᠬᠤᠬᠤ ᠠᠵᠢᠯᠯᠠᠭ᠎ᠠ ᠨᠢ ᠥᠷᠭᠡᠨ ᠣᠯᠠᠨ ᠺᠠᠳ᠋ᠷ ᠣᠯᠠᠨ ᠲᠦᠮᠡᠨ ᠤ ᠰᠣᠶᠣᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠪᠦᠬᠦ ᠨᠡᠶᠢᠭᠡᠮ ᠳᠤ ᠬᠥᠮᠦᠰ ᠢ ᠤᠷᠮᠠᠰᠢᠭᠤᠯᠤᠨ ᠤᠷᠤᠭᠰᠢᠯᠠᠭᠤᠯᠬᠤ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠳᠠᠮᠵᠢᠭᠤᠯᠵᠦ᠂ ᠥᠷᠭᠡᠨ ᠣᠯᠠᠨ ᠲᠦᠮᠡᠨ ᠤ ᠠᠵᠢᠯ ᠬᠢᠵᠦ ᠠᠳᠠᠯ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠪᠠ ᠢᠲᠡᠭᠡᠯ ᠵᠣᠷᠢᠭ ᠢ ᠬᠦᠭᠵᠢᠭᠡᠨ᠂ ᠰᠢᠨ᠎ᠡ ᠬᠥᠳᠡᠯᠭᠡᠬᠦ ᠬᠦᠴᠦᠨ ᠢ ᠨᠡᠮᠡᠷᠢᠯᠡᠵᠦ᠂ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃  
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号