ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠷᠪᠠᠳᠤᠭᠠᠷ ᠤᠳᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠵᠤᠷᠰᠢᠯ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/10/17
     10 ᠰᠠᠷ᠎ᠠ ᠶᠢᠨ 17 ᠤ ᠡᠳᠦᠷ᠂ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠷᠪᠠᠳᠤᠭᠠᠷ ᠤᠳᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠵᠤᠷᠰᠢᠯ ᠬᠤᠷᠠᠯ ᠬᠤᠷᠠᠯᠳᠤᠵᠤ᠂ ᠳᠡᠭᠡᠳᠦ ᠱᠠᠳᠤᠨ ᠤ ᠬᠤᠷᠠᠯ ᠤᠨ ᠵᠣᠷᠢᠭ ᠰᠠᠨᠠᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠸᠠᠩ ᠵᠠᠨ ᠴᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠮᠥᠷᠡᠨ᠂ ᠯᠢ ᠱᠤᠸᠠᠢ᠂ ᠵᠧᠦ ᠭᠤᠸᠠᠨ ᠨᠠᠨ ᠵᠢᠴᠢ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ᠂ ᠡᠯ᠎ᠡ ᠰᠤᠮᠤ ᠪᠠᠯᠭᠠᠰᠤᠨ ᠤ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃      ᠸᠠᠩ ᠵᠠᠨ ᠴᠢ ᠬᠤᠷᠠᠯ ᠳᠤ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯᠭᠦᠶ ᠦᠶᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠲᠤᠶᠢᠯ ᠤᠨ ᠴᠢᠬᠤᠯᠠ ᠴᠢᠨᠠᠷ ᠢ ᠭᠦᠶᠴᠡᠳ ᠲᠠᠨᠢᠵᠤ᠂ ᠠᠶᠤᠯᠭᠦᠶ ᠦᠶᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠰᠠᠬᠢᠵᠤ᠂ ᠲᠠᠶᠢᠪᠤᠰᠢᠷᠠᠬᠤ ᠦᠵᠡᠯ ᠰᠠᠨᠠᠭ᠎ᠠ ᠪᠠ ᠭᠤᠷᠢᠳᠠᠬᠤ ᠪᠣᠳᠣᠯ ᠢ ᠡᠷᠡᠰ ᠲᠡᠪᠴᠢᠵᠦ᠂ ᠢᠮᠠᠭᠲᠠ ᠰᠤᠨᠤᠷ ᠰᠡᠷᠡᠮᠵᠢ ᠪᠠᠨ ᠳᠡᠭᠡᠭᠰᠢᠯᠡᠬᠦᠯᠬᠦ ᠬᠡᠷᠡᠭᠲᠡᠶ᠃ ᠰᠢᠰᠲ᠋ᠧᠮ ᠪᠠ ᠬᠡᠰᠡᠭ ᠢ ᠤᠶᠠᠯᠳᠤᠭᠤᠯᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠣᠳᠣᠬᠠᠨ ᠤ ᠪᠠᠶᠢᠳᠠᠯ ᠪᠣᠯᠤᠨ ᠠᠶᠤᠯᠭᠦᠢ ᠦᠢᠯᠡᠳᠪᠦᠷᠢᠯᠡᠯ ᠤᠨ ᠠᠳᠡᠯ ᠤᠨ ᠤᠯᠠᠷᠢᠯ ᠤᠨ ᠴᠢᠨᠠᠷᠲᠠᠢ ᠣᠨᠴᠠᠯᠢᠭ ᠢ ᠰᠡᠷᠭᠡᠭ ᠢᠶᠠᠷ ᠲᠠᠨᠢᠵᠤ᠂ ᠬᠡᠰᠡᠭ ᠪᠠ ᠵᠤᠷᠪᠤᠰ ᠢ ᠤᠶᠠᠯᠳᠤᠭᠤᠯᠬᠤ᠂ ᠡᠯ᠎ᠡ ᠱᠠᠳᠤ ᠬᠠᠮᠳᠤᠷᠠᠨ ᠬᠥᠳᠡᠯᠦᠯᠴᠡᠬᠦ᠂ ᠠᠯᠬᠤᠮ ᠢᠶᠠᠨ ᠨᠢᠭᠡᠳᠬᠡᠬᠦ ᠶᠢ ᠪᠠᠷᠢᠮᠲᠠᠯᠠᠵᠤ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠶᠢ ᠴᠢᠩᠭ᠎ᠠ ᠨᠠᠶᠢᠳᠠᠪᠤᠷᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠶᠢᠴᠠᠭᠠᠯᠲᠠ ᠶᠢ ᠤᠭᠲᠤᠬᠤ ᠪᠡᠯᠡᠳᠬᠡᠯ ᠤᠨ ᠡᠯ᠎ᠡ ᠵᠦᠶᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠶᠢ ᠪᠠᠲᠤᠯᠠᠬᠤ ᠬᠡᠷᠡᠭᠲᠡᠶ ᠭᠡᠵᠡᠢ᠃      ᠮᠥᠷᠡᠨ ᠬᠤᠷᠠᠯ ᠡᠷᠬᠢᠯᠡᠬᠦ ᠶᠢᠨ ᠬᠠᠮᠳᠤ ᠵᠢᠭᠠᠬᠤ ᠳᠤ ᠪᠠᠨ᠂ ᠡᠯ᠎ᠡ ᠰᠤᠮᠤ ᠪᠠᠯᠭᠠᠰᠤ ᠬᠠᠷᠢᠶ᠎ᠠ ᠣᠷᠣᠨ ᠤ ᠪᠠᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠢᠨᠠᠮᠠᠭᠠᠶ ᠭᠦᠶᠴᠡᠳᠬᠡᠬᠦ ᠬᠡᠷᠡᠭᠲᠡᠶ᠃ ᠥᠨᠳᠥᠷ ᠠᠴᠠ ᠤᠨᠠᠬᠤ ᠠᠳᠡᠯ ᠭᠠᠷᠬᠤ ᠶᠢ ᠤᠯᠠᠮ ᠨᠢᠭᠡ ᠠᠯᠬᠤᠮ ᠰᠡᠷᠭᠡᠶᠢᠯᠡᠵᠦ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠡᠯ᠎ᠡ ᠵᠦᠢᠯ ᠤᠨ ᠠᠵᠢᠯ᠂ ᠡᠪᠦᠯ ᠤᠨ ᠤᠯᠠᠷᠢᠯ ᠤᠨ ᠠᠵᠢᠯ ᠦᠢᠯᠡᠳᠪᠦᠷᠢᠯᠡᠯ ᠢᠶᠠᠨ ᠵᠣᠭᠰᠣᠭᠠᠬᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠳᠤᠷ ᠬᠢᠵᠦ᠂ ᠮᠠᠨ ᠤ ᠬᠤᠰᠢᠭᠤᠨ ᠤ ᠬᠢᠨᠠᠨ ᠰᠢᠯᠭᠠᠬᠤ ᠠᠵᠢᠯ ᠢ ᠰᠠᠶᠢᠲᠤᠷ ᠬᠢᠵᠦ ᠬᠦᠷᠦᠯᠴᠡᠬᠦ ᠦᠬᠡᠢ ᠳᠠᠯ᠎ᠠ ᠪᠠ ᠠᠯᠳᠠᠭ᠎ᠠ ᠳᠤᠳᠠᠭᠳᠠᠯ ᠲᠠᠢ ᠭᠠᠵᠠᠷ ᠢᠶᠠᠨ ᠴᠠᠭ ᠲᠤᠬᠠᠶ ᠳᠤᠨᠢ ᠪᠠᠶᠢᠴᠠᠭᠠᠨ ᠨᠥᠬᠦᠪᠥᠷᠢᠯᠡᠵᠦ  ᠲᠡᠭᠦᠯᠳᠡᠷᠵᠢᠭᠦᠯᠬᠦ  ᠬᠡᠷᠡᠭᠲᠡᠶ  ᠭᠡᠵᠡᠢ᠃      ᠬᠤᠷᠠᠯ ᠳᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ 9 ᠰᠠᠷ᠎ᠠ ᠶᠢᠨ 27  ᠤ ᠡᠳᠦᠷ ᠪᠥᠬᠦ ᠣᠷᠣᠨ ᠤ ᠠᠶᠤᠯᠭᠦᠶ ᠦᠶᠯᠡᠳᠪᠦᠷᠢᠯᠡᠯ ᠪᠠ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠲᠧᠯᠸᠢᠰ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠠᠴᠠ ᠪᠥᠬᠦ ᠬᠤᠰᠢᠭᠤᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠢᠴᠢ ᠯᠢᠲ᠋ᠢ ᠴᠠᠬᠢᠯᠭᠠᠨ ᠴᠡᠨᠡᠭ ᠪᠣᠷᠣᠯᠠᠭᠤᠯᠬᠤ ᠰᠡᠯᠪᠢᠨ ᠵᠠᠰᠠᠬᠤ ᠳᠡᠯᠭᠡᠭᠦᠷ ᠤᠨ ᠠᠮᠤᠷ ᠲᠦᠪᠰᠢᠨ ᠤ ᠬᠡᠮ ᠰᠣᠭᠤᠭ ᠢ ᠵᠠᠰᠠᠬᠤ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠵᠦ᠂ ᠡᠯ᠎ᠡ ᠳᠡᠳ᠋ ᠬᠤᠰᠢᠭᠤ ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠶᠤᠯᠭᠦᠶ ᠦᠶᠯᠡᠳᠪᠦᠷᠢᠯᠡᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠲᠤᠬᠠᠶ ᠪᠠᠶᠢᠷᠢᠯᠠᠭᠤᠯᠤᠯᠲᠠ ᠬᠢᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号