ᠮᠠᠨ ᠤ ᠬᠤᠰᠢᠭᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ︽ᠠᠯᠪᠠᠲᠠᠨ ᠤ ᠬᠠᠤᠯᠢ ᠪᠠ ᠢᠵᠢ ᠪᠥᠷᠢᠳᠦᠭᠰᠡᠨ ᠬᠠᠤᠯᠢ ᠲᠦᠷᠢᠮ︾᠎ ᠢ ᠰᠤᠷᠤᠯᠴᠠᠬᠤ ᠠᠯᠪᠠᠳᠠᠨ ᠤ ᠪᠤᠯᠪᠠᠰᠤᠷᠠᠯ ᠡᠷᠬᠢᠯᠡᠨ ᠶᠠᠪᠤᠭᠳᠠᠭᠤᠯᠤᠭᠰᠠᠨ
ᠨᠡᠶᠢᠲᠡᠯᠡᠭᠰᠡᠨ ᠴᠠᠭ᠄
2024/10/19
     ᠤᠳᠤᠷᠢᠳᠬᠠᠯ ᠤᠶᠢᠷ᠎ᠠ ᠶᠢᠨ ᠡᠳᠦᠷ᠂ ᠮᠠᠨ ᠤ ᠬᠤᠰᠢᠭᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ︽ᠠᠯᠪᠠᠲᠠᠨ ᠤ ᠬᠠᠤᠯᠢ ᠪᠠ ᠢᠵᠢ ᠪᠥᠷᠢᠳᠦᠭᠰᠡᠨ ᠬᠠᠤᠯᠢ ᠲᠦᠷᠢᠮ︾᠎ ᠢ ᠰᠤᠷᠤᠯᠴᠠᠬᠤ ᠠᠯᠪᠠᠳᠠᠨ ᠤ ᠪᠤᠯᠪᠠᠰᠤᠷᠠᠯ ᠡᠷᠬᠢᠯᠡᠨ ᠶᠠᠪᠤᠭᠳᠠᠭᠤᠯᠵᠤ᠂ ᠪᠥᠬᠦ ᠬᠤᠰᠢᠭᠤᠨ ᠤ ᠵᠠᠰᠠᠭ ᠵᠠᠬᠢᠷᠭᠠᠨ ᠤ ᠪᠠᠶᠢᠭᠤᠯᠭ᠎ᠠ᠂ ᠬᠠᠮᠢᠶ᠎ᠠ ᠪᠦᠬᠦᠢ ᠨᠢᠭᠡᠴᠡ ᠶᠢᠨ 500 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃      ᠪᠤᠯᠪᠠᠰᠤᠷᠠᠯ ᠳᠤ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠫᠷᠤᠹᠧᠰᠰᠤᠷ ᠰᠡᠴᠡᠨᠪᠠᠭᠠᠲᠤᠷ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠬᠤ ᠵᠢᠴᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠣᠭᠤᠷᠢᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ︾ ᠲᠤᠰᠬᠠᠶ ᠰᠡᠳᠦᠪ ᠢᠶᠠᠷ ᠬᠢᠴᠢᠶᠡᠯᠯᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠴᠢ ᠬᠤᠯᠪᠣᠭᠳᠠᠯ᠂ ᠴᠢᠬᠤᠯᠠ ᠶᠡᠭᠡ ᠵᠠᠷᠴᠢᠮ ᠪᠠ ᠠᠷᠭ᠎ᠠ ᠬᠡᠮᠵᠢᠶ᠎ᠡ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠳᠤᠮᠳᠠᠳᠤ ᠤᠯᠤᠰ ᠎ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠱᠠᠭᠠᠷᠳᠠᠯᠭ᠎ᠠ ᠶᠢ ᠡᠵᠡᠮᠳᠡᠬᠦ ᠪᠦᠲᠦᠮᠵᠢᠲᠡᠶ ᠠᠷᠭ᠎ᠠ ᠵᠡᠷᠭᠡ ᠭᠤᠷᠪᠠᠨ ᠲᠠᠯ᠎ᠠ ᠪᠠᠷ ᠭᠦᠨᠵᠡᠭᠡᠶ ᠲᠠᠶᠢᠯᠤᠮᠵᠢ ᠬᠢᠪᠠ᠃      ᠲᠣᠰ ᠤᠳᠠᠭᠠᠨ ᠤ ᠪᠤᠯᠪᠠᠰᠤᠷᠠᠯ ᠨᠢ ︽ᠲᠥᠪᠯᠡᠷᠡᠭᠦᠯᠦᠨ ᠰᠤᠷᠤᠯᠴᠠᠬᠤ + ᠣᠨᠣᠯ ᠤᠨ ᠰᠢᠯᠭᠠᠯᠲᠠ + ᠰᠤᠷᠤᠭᠴᠢᠳ ᠤᠨ ᠬᠠᠷᠢᠭᠤ ᠲᠤᠰᠬᠠᠯ︾ ᠵᠡᠷᠭᠡ ᠬᠡᠯᠪᠡᠷᠢ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠵᠢᠴᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ᠂ ︽ᠠᠯᠪᠠᠲᠠᠨ ᠤ ᠬᠠᠤᠯᠢ︾ ᠵᠢᠴᠢ ᠢᠵᠢ ᠪᠥᠷᠢᠳᠦᠭᠰᠡᠨ ᠬᠠᠤᠯᠢ ᠲᠣᠭᠲᠠᠭᠠᠯ᠂ ᠨᠢᠭᠤᠴᠠ ᠶᠢ ᠬᠠᠮᠠᠭᠠᠯᠠᠬᠤ ᠤᠬᠠᠮᠰᠠᠷ ᠵᠡᠷᠭᠡ ᠣᠨᠣᠯ ᠤᠨ ᠮᠡᠳᠡᠯᠭᠡ ᠶᠢ ᠪᠠᠲᠤ ᠪᠠᠬᠢ ᠪᠣᠶ ᠪᠣᠯᠭᠠᠬᠤ ᠲᠤᠬᠠᠶ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠪᠠ᠃      ᠤᠯᠠᠨ ᠢᠶᠠᠷ ᠢᠶᠠᠨ᠂ ᠪᠣᠯᠪᠠᠰᠤᠷᠠᠯ ᠢᠶᠠᠷ ᠳᠠᠮᠵᠢᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭᠠᠨ ᠤ ᠲᠤᠬᠠᠢ ᠪᠦᠬᠦ ᠲᠠᠯ᠎ᠠ ᠶᠢᠨ ᠣᠶᠢᠯᠠᠭᠠᠯᠲᠠ ᠪᠠ ᠡᠵᠡᠮᠳᠡᠯ ᠢᠶᠠᠨ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢ ᠤᠯᠠᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠢᠲᠡᠭᠡᠯ ᠵᠣᠷᠢᠭ ᠢ ᠨᠡᠮᠡᠭᠳᠡᠭᠦᠯᠪᠡ᠃ ᠲᠠᠷᠠᠭᠠᠴᠢ ᠶᠢᠨ ᠠᠯᠬᠤᠮ ᠳᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠨᠠᠩ ᠴᠢᠷᠮᠠᠶᠢᠨ ᠳᠠᠪᠰᠢᠬᠤ ᠵᠣᠷᠢᠭ ᠰᠠᠨᠠᠭ᠎ᠠ ᠪᠠᠷ ᠣᠨᠣᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠪᠣᠳᠠᠲᠠᠶ ᠠᠵᠢᠯ ᠎ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠴᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠨᠡᠮᠡᠷᠢᠯᠡᠨ᠎ᠡ ᠬᠡᠵᠦ ᠰᠠᠨᠠᠯ ᠨᠢᠭᠡᠳᠡᠢ ᠢᠯᠡᠷᠭᠡᠶᠢᠯᠡᠵᠡᠬᠡᠯ᠎ᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号