ᠭᠡᠷ ᠤᠨ ᠴᠠᠬᠢᠯᠭᠠᠨ ᠭᠡᠷᠡᠭᠰᠡᠯ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠨᠥᠬᠦᠪᠥᠷᠢ ᠦᠭᠴᠦ ᠪᠠᠶᠢᠨ᠎ᠠ
ᠨᠡᠶᠢᠲᠡᠯᠡᠭᠰᠡᠨ ᠴᠠᠭ᠄
2024/10/19
     ᠤᠶᠢᠷ᠎ᠠ ᠶᠢᠨ ᠡᠳᠦᠷ᠂ ᠮᠠᠨ ᠤ ᠬᠤᠰᠢᠭᠤ ᠬᠡᠷ ᠤᠨ ᠴᠠᠬᠢᠯᠭᠠᠨ ᠬᠡᠷᠡᠭᠰᠡᠯ ︽ᠬᠠᠭᠤᠴᠢᠨ ᠢᠶᠠᠷ ᠰᠢᠨ᠎ᠡ ᠶᠢ ᠰᠣᠯᠢᠬᠤ︾ ᠵᠢᠴᠢ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠡᠷᠭᠢᠯᠡᠵᠦ᠂ ᠥᠷᠭᠡᠨ ᠣᠯᠠᠨ ᠬᠡᠷᠡᠭᠯᠡᠭᠴᠢᠳ ᠲᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠤᠯᠠᠨ ᠲᠦᠮᠡᠨ ᠳᠤ ᠠᠰᠢᠭ ᠬᠦᠷᠳᠡᠭᠡᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠬᠡᠵᠡᠢ᠃      ᠠᠵᠢᠯᠯᠠᠭᠠᠨ ᠤ ᠲᠤᠬᠠᠶ ᠶᠢᠨ ᠲᠠᠯᠠᠪᠠᠶ ᠳᠤ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠎ ᠤᠨ ᠠᠵᠢᠯᠳᠠᠨ ᠬᠡᠷᠡᠭᠯᠡᠭᠡᠨ ᠤ ᠵᠦᠶᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠲᠤᠬᠠᠶ ᠨᠠᠷᠢᠨ ᠲᠠᠶᠢᠯᠤᠮᠵᠢ ᠬᠢᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠤᠪᠴᠢᠶᠠᠨ ᠤ ᠠᠵᠢᠯᠳᠠᠳ ᠬᠤᠳᠠᠯᠳᠤᠭᠠᠴᠢᠳ ᠤᠨ ᠦᠶᠯᠡᠳᠬᠦᠨ ᠤ ᠶᠠᠰᠤ ᠴᠢᠨᠠᠷ᠂ ᠦᠶᠯᠡᠳᠬᠦᠨ ᠤ ᠦᠨ᠎ᠡ ᠬᠠᠩᠰᠢ ᠵᠡᠷᠭᠡ ᠲᠠᠯ᠎ᠠ ᠪᠠᠷ ᠬᠢᠨᠠᠯᠳᠠ ᠳᠠᠯᠪᠢᠨ ᠱᠠᠭᠠᠷᠳᠠᠯᠭ᠎ᠠ ᠳᠤᠷᠠᠳᠴᠤ᠂ ᠠᠵᠢᠯᠯᠠᠭᠠᠨ ᠤ ᠦᠨᠡᠨ ᠪᠣᠳᠠᠲᠤ ᠴᠢᠨᠠᠷ ᠢ ᠪᠠᠲᠤᠯᠠᠵᠤ᠂ ᠬᠡᠷᠡᠭᠯᠡᠭᠴᠢᠳ ᠲᠤ ᠦᠨᠡᠨ ᠪᠣᠳᠠᠲᠠᠶ ᠲᠥᠷᠥ ᠶᠢᠨ ᠪᠣᠳᠣᠯᠭ᠎ᠠ ᠶᠢᠨ ᠠᠰᠢᠭ ᠳᠤᠰᠠ ᠶᠢ ᠬᠦᠷᠳᠡᠭᠡᠵᠡᠢ᠃      ᠣᠳᠣᠬᠠᠨ ᠳᠤ᠂ ᠪᠥᠬᠦ ᠬᠤᠰᠢᠭᠤᠨ ᠤ ᠬᠡᠪᠴᠢᠶᠡᠨ ᠳᠤ ᠳᠤᠰ ᠤᠳᠠᠭᠠᠨ ᠤ ᠠᠵᠢᠯᠯᠠᠭ᠎ᠠ ᠳᠤ ᠣᠷᠣᠯᠴᠠᠬᠤ ᠬᠢᠷᠢ ᠬᠡᠮ ᠲᠠᠢ ᠠᠵᠤ ᠠᠬᠤᠶᠢᠯᠠᠯ ᠪᠣᠯ ᠵᠢᠩ ᠳ᠋ᠦᠩ ᠬᠡᠷ ᠤᠨ ᠴᠠᠬᠢᠯᠭᠠᠨ ᠬᠡᠷᠡᠭᠰᠡᠯ ᠤᠨ ᠲᠤᠰᠬᠠᠶ ᠬᠤᠳᠠᠯᠳᠤᠭ᠎ᠠ ᠪᠠᠶᠢᠵᠤ᠂ ᠲᠣᠰ ᠠᠵᠤ ᠠᠬᠤᠶᠢᠯᠠᠯ ᠨᠢ ᠤᠯᠤᠰ ᠤᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ᠂ ᠠᠷᠠᠳ ᠲᠦᠮᠡᠨ ᠎ ᠳᠤ ᠤᠯᠠᠮ ᠨᠢᠬᠡ ᠠᠯᠬᠤᠮ ᠠᠰᠢᠭ ᠬᠦᠷᠳᠡᠭᠡᠬᠦ ᠡᠬᠦᠳᠡᠨ ᠠᠴᠠ ᠬᠠᠭᠤᠴᠢᠨ ᠢᠶᠠᠷ ᠰᠢᠨ᠎ᠡ ᠶᠢ ᠰᠤᠯᠢᠵᠤ ᠪᠤᠯᠬᠤ ᠮᠦᠷᠳᠡᠭᠡᠨ ᠳᠠᠪᠬᠤᠷ ᠬᠠᠷᠠᠭᠠᠯᠵᠠᠯ ᠦᠵᠡᠭᠦᠯᠬᠦ ᠶᠢᠨ ᠬᠠᠮᠲᠤ ᠬᠡᠷᠡᠭᠯᠡᠭᠴᠢᠳ ᠲᠤ ᠨᠠᠩ ᠴᠢᠨᠠᠷ ᠰᠠᠶᠢᠲᠠᠶ᠂ ᠨᠠᠩ ᠳᠥᠭᠦᠮ ᠳᠥᠲᠡ ᠦᠶᠯᠡᠴᠢᠯᠡᠭᠡ ᠬᠠᠩᠭᠠᠬᠤ ᠪᠣᠯᠤᠨ᠎ᠠ᠃      ᠣᠶᠢᠯᠠᠭᠠᠭᠰᠠᠨ ᠢᠶᠠᠷ᠂ ᠰᠢᠯᠢ ᠶᠢᠨ ᠭᠤᠤᠯ ᠠᠶᠢᠮᠠᠭ ᠤᠨ ᠬᠡᠷ ᠤᠨ ᠴᠠᠬᠢᠯᠭᠠᠨ ᠬᠡᠷᠡᠭᠰᠡᠯ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠨᠥᠬᠦᠪᠥᠷᠢ ᠥᠭᠬᠦ ᠠᠵᠢᠯᠯᠠᠭᠠᠨ ᠤ ᠪᠣᠳᠠᠲᠤ ᠪᠠᠶᠢᠳᠠᠯ ᠢ ᠦᠨᠳᠦᠰᠦᠯᠡᠨ᠂ ᠬᠡᠷᠡᠭᠯᠡᠭᠴᠢᠳ ᠎ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠵᠤ᠂ ᠨᠥᠬᠦᠪᠥᠷᠢ ᠥᠭᠬᠦ ᠲᠡᠮᠳᠡᠭᠲᠦ ᠶᠢᠨ ᠭᠡᠷᠡᠭᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠨᠥᠬᠦᠪᠥᠷᠢ ᠶᠢᠨ ᠳᠡᠮᠳᠡᠭᠳᠦ ᠶᠢᠨ ᠬᠦᠴᠦᠨ ᠲᠠᠢ ᠬᠤᠭᠤᠴᠠᠭ᠎ᠠ ᠶᠢ 2 ᠡᠳᠦᠷ ᠪᠣᠯᠭᠠᠨ᠂ ᠨᠢᠭᠡ ᠬᠦᠮᠦᠨ ᠨᠢᠭᠡᠯᠡ ᠲᠦᠷᠦᠯ ᠤᠨ ᠭᠡᠷᠡᠭᠰᠡᠯ ᠰᠤᠯᠢᠬᠤ ᠪᠠᠷ ᠬᠢᠵᠠᠭᠠᠷᠯᠠᠵᠤ ᠂ ᠨᠦᠬᠦᠪᠦᠷᠢ ᠶᠢᠨ ᠳᠡᠮᠳᠡᠭᠳᠦ ᠪᠠᠨ ᠳᠤᠭᠳᠠᠭᠰᠠᠨ ᠬᠤᠭᠤᠴᠠᠭᠠᠨ ᠳᠤ ᠪᠠᠨ ᠬᠡᠷᠡᠭᠯᠡᠭᠰᠡᠨ ᠦᠭᠡᠢ ᠪᠣᠯ ᠳᠠᠬᠢᠨ ᠨᠢᠭᠡ ᠤᠳᠠᠭ᠎ᠠ ᠠᠪᠴᠤ ᠪᠣᠯᠤᠨ᠎ᠠ᠂ ᠳᠠᠬᠢᠨ ᠬᠦᠴᠦᠨ ᠦᠭᠡᠢ ᠪᠣᠯᠪᠠᠯ ᠠᠪᠴᠤ ᠪᠣᠯᠬᠤ ᠦᠭᠡᠢ᠃ ᠬᠡᠷᠪᠡ ᠵᠣᠭᠤᠰ ᠪᠤᠴᠠᠭᠠᠬᠤ ᠪᠠᠶᠢᠳᠠᠯ ᠭᠠᠷᠴᠤ᠂ ᠵᠣᠭᠤᠰ ᠲᠦᠯᠦᠬᠦ ᠤᠤᠯ ᠠᠷᠭ᠎ᠠ ᠵᠠᠮ ᠢᠶᠠᠷ ᠵᠣᠭᠤᠰ ᠢᠶᠠᠨ ᠪᠤᠴᠠᠭᠠᠬᠤ ᠶᠢ ᠪᠡᠶᠡᠯᠡᠭᠦᠯᠦᠭᠰᠡᠨ ᠨᠦᠬᠦᠴᠡᠯ ᠳᠤ᠂ ᠨᠢᠭᠡᠨᠲᠡ ᠬᠡᠷᠡᠭᠯᠡᠭᠰᠡᠨ ᠨᠥᠬᠦᠪᠥᠷᠢ ᠶᠢᠨ ᠲᠡᠮᠳᠡᠭᠲᠦ ᠶᠢ ᠪᠤᠴᠠᠭᠠᠵᠤ ᠥᠭᠬᠦ ᠦᠭᠡᠢ ᠃ ᠨᠥᠬᠦᠪᠥᠷᠢ ᠶᠢᠨ ᠲᠡᠮᠳᠡᠭᠲᠦ ᠠᠪᠬᠤ ᠪᠠ ᠬᠡᠷᠡᠭᠯᠡᠬᠦ ᠴᠠᠭ ᠨᠢ ᠡᠳᠦᠷ ᠪᠦᠷᠢ ᠶᠢᠨ 9᠄ 00 — 22᠄ 00 ᠪᠠᠶᠢᠵᠤ᠂ 2024 ᠣᠨ ᠤ 12 ᠰᠠᠷ᠎ᠠ ᠶᠢᠨ 31᠎ ᠤ ᠡᠳᠦᠷ ᠪᠣᠯᠲᠠᠯ᠎ᠠ ᠶᠠᠪᠤᠭᠳᠠᠬᠤ ᠪᠣᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号