ᠠᠷᠠᠳ ᠲᠦᠮᠡᠨ ᠢ ᠳᠡᠭᠡᠳᠦᠯᠡᠨ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠭᠦᠨᠵᠡᠭᠡᠶ | ᠳᠤᠤᠱᠯᠠᠭᠤᠯᠵᠤ᠂ ︽ᠬᠥᠮᠦᠯᠢᠭ ᠦᠵᠡᠯ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ | ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠠᠷᠠᠳ ᠣᠯᠠᠨ ᠤ ᠡᠷᠡᠭᠦᠯ ᠮᠡᠨᠳᠦ ᠶᠢ ᠪᠠᠲᠤᠯᠠᠵᠤ᠂ | ᠴᠢᠰᠤ ᠬᠠᠨᠳᠢᠪᠯᠠᠬᠤ ᠪᠠ ᠴᠢᠰᠤ ᠪᠦᠲᠦᠭᠡᠬᠦ ᠭᠤᠤᠯ ᠡᠰ ᠬᠠᠨᠳᠢᠪᠯᠠᠬᠤ ᠠᠵᠢᠯ ᠢ ᠠᠬᠢᠭᠤᠯᠬᠤ ᠶᠢᠨ ᠲᠥᠯᠥᠭᠡ᠂ | ᠤᠶᠢᠷ᠎ᠠ ᠶᠢᠨ ᠡᠳᠦᠷ᠂ ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠴᠢᠰᠤ ᠬᠠᠨᠳᠢᠪᠯᠠᠬᠤ ᠨᠡᠶᠢᠲᠡ ᠶᠢᠨ | ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭᠠᠨ ᠤ ᠲᠤᠬᠠᠶ ᠶᠢᠨ ᠲᠠᠯᠠᠪᠠᠶ ᠳᠤ᠂ ᠴᠢᠰᠤ ᠬᠠᠨᠳᠢᠪᠯᠠᠬᠤ ᠪᠠᠷ ᠢᠷᠡᠭᠰᠡᠳ᠂ ᠤᠯᠠᠭᠠᠨ ᠵᠠᠭᠠᠯᠮᠠᠶᠢᠲᠠᠨ | ᠤ ᠨᠡᠶᠢᠭᠡᠮᠯᠢᠭ ᠤᠨ ᠰᠠᠶᠢᠨ ᠳᠤᠷᠠᠴᠤᠳ ᠤᠨ ᠬᠠᠪᠰᠤᠷᠤᠯᠭ᠎ᠠ ᠪᠠᠷ ᠬᠦᠰᠦᠨᠦᠭᠳᠦ ᠳᠠᠭᠯᠠᠵᠤ᠂ ᠴᠢᠰᠤ ᠪᠠᠨ | ᠪᠠᠶᠢᠴᠠᠭᠠᠯᠭᠠᠨ᠂ ᠡᠮᠬᠢ ᠵᠢᠷᠤᠮ ᠲᠠᠢ ᠪᠠᠷ ᠮᠦᠷᠯᠡᠵᠡᠭᠡᠨᠡ᠃ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠠᠶᠢᠨ ᠳᠤᠷᠠᠴᠤᠳ ᠣᠯᠠᠨ ᠤ ᠠᠰᠠᠭᠤᠯᠲᠠ ᠶᠢ ᠢᠳᠡᠪᠬᠢᠲᠡᠶ | ᠬᠠᠷᠢᠭᠤᠯᠵᠤ᠂ ᠴᠢᠰᠤ ᠬᠠᠨᠳᠢᠪᠯᠠᠬᠤ ᠵᠢᠴᠢ ᠴᠢᠰᠤ ᠪᠦᠲᠦᠭᠡᠬᠦ ᠭᠤᠤᠯ ᠡᠰ ᠬᠠᠨᠳᠢᠪᠯᠠᠬᠤ ᠬᠠᠮᠢᠶ᠎ᠠ ᠪᠥᠬᠦᠶ ᠲᠥᠷᠥ | ᠶᠢᠨ ᠪᠣᠳᠣᠯᠭ᠎ᠠ ᠶᠢ ᠤᠬᠠᠭᠤᠯᠵᠤ᠂ ᠴᠢᠰᠤ ᠬᠠᠨᠳᠢᠪᠯᠠᠬᠤ ᠦᠨᠳᠦᠰᠦᠨ ᠨᠥᠬᠦᠴᠡᠯ ᠪᠠ ᠱᠠᠭᠠᠷᠳᠠᠯᠭ᠎ᠠ᠂ ᠠᠯᠤᠰᠯᠠᠬᠤ | ᠬᠤᠭᠤᠴᠠᠭ᠎ᠠ᠂ ᠠᠩᠬᠠᠷᠬᠤ ᠵᠦᠢᠯᠡᠰ ᠵᠡᠷᠭᠡ ᠶᠢ ᠳᠠᠶᠢᠯᠪᠤᠷᠢᠯᠠᠭᠰᠠᠨ ᠤ ᠬᠠᠮᠲᠤ ᠪᠠᠰᠠ ᠤᠯᠠᠭᠠᠨ ᠵᠠᠭᠠᠯᠮᠠᠶᠢᠲᠠᠨ ᠤ ︽ | ᠭᠤᠷᠪᠠ ᠶᠢ ᠬᠠᠨᠳᠢᠪᠯᠠᠬᠤ︾ ᠶᠢᠨ ᠠᠵᠢᠯ ᠤᠨ ᠬᠠᠮᠢᠶ᠎ᠠ ᠪᠥᠬᠦᠶ ᠮᠡᠳᠡᠯᠭᠡ ᠶᠢ ᠤᠬᠠᠭᠤᠯᠵᠤ᠂ ᠤᠬᠠᠭᠤᠯᠭ᠎ᠠ ᠶᠢᠨ | ᠬᠠᠭᠤᠳᠠᠰᠤ᠂ ᠠᠪᠤᠷᠠᠨ ᠲᠤᠰᠠᠯᠠᠬᠤ ᠬᠡᠷᠡᠭᠯᠡᠭᠡᠨ ᠤ ᠪᠣᠭᠴᠣ᠂ ᠳᠤᠷᠠᠰᠬᠠᠯ ᠤᠨ ᠪᠣᠳᠠᠰ ᠵᠡᠷᠭᠡ ᠶᠢ 100 ᠭᠠᠷᠤᠶ | ᠬᠤᠪᠢ ᠲᠠᠷᠬᠠᠭᠠᠪᠠ᠃ | ᠠᠵᠢᠯᠯᠠᠭᠠᠨ ᠤ ᠲᠤᠬᠠᠶ ᠶᠢᠨ ᠡᠳᠦᠷ᠂ ᠨᠡᠶᠢᠲᠡ 86 ᠬᠠᠯᠠᠭᠤᠨ ᠰᠡᠳᠬᠢᠯᠲᠦ ᠠᠷᠠᠳ ᠴᠢᠰᠤ ᠬᠠᠨᠳᠢᠪᠯᠠᠬᠤ | ᠠᠵᠢᠯᠯᠠᠭ᠎ᠠ ᠳᠤ ᠣᠷᠣᠯᠴᠠᠵᠤ᠂ ᠴᠢᠰᠤ ᠬᠠᠨᠳᠢᠪᠯᠠᠭᠰᠠᠨ ᠬᠡᠮᠵᠢᠶ᠎ᠡ ᠨᠢ ᠨᠡᠶᠢᠲᠡ 1980 ᠮᠢᠯᠢᠯᠢᠲᠷ ᠪᠠᠶᠢᠵᠤ᠂ 30 | ᠨᠡᠷ᠎ᠡ ᠰᠠᠶᠢᠨ ᠳᠤᠷᠠᠴᠤᠳ ᠴᠢᠰᠤ ᠪᠦᠲᠦᠭᠡᠬᠦ ᠭᠤᠤᠯ ᠡᠰ ᠬᠠᠨᠳᠢᠪᠯᠠᠬᠤ ᠪᠠᠷ ᠳᠠᠩᠰᠠᠯᠠᠭᠤᠯᠵᠠᠢ᠃ | ᠲᠠᠷᠠᠭᠠᠴᠢ ᠶᠢᠨ ᠠᠯᠬᠤᠮ ᠳᠤ᠂ ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ᠭᠤᠷᠪᠠ ᠶᠢ | ᠬᠠᠨᠳᠢᠪᠯᠠᠬᠤ︾ ᠰᠠᠶᠢᠨ ᠳᠤᠷ᠎ᠠ ᠶᠢᠨ ᠦᠶᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ ᠨᠠᠩ ᠣᠯᠠᠨ ᠬᠠᠯᠠᠭᠤᠨ | ᠰᠡᠳᠬᠢᠯᠳᠦ ᠬᠥᠮᠦᠰ ᠤᠨ ᠴᠢᠰᠤ ᠬᠠᠨᠳᠢᠪᠯᠠᠬᠤ ᠪᠠ ᠴᠢᠰᠤ ᠪᠦᠲᠦᠭᠡᠬᠦ ᠭᠤᠤᠯ ᠡᠰ ᠬᠠᠨᠳᠢᠪᠯᠠᠬᠤ ᠠᠵᠢᠯᠯᠠᠭ᠎ᠠ ᠳᠤ | ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠪᠠ ᠠᠮᠤᠷ | ᠲᠦᠪᠰᠢᠨ ᠢ ᠬᠠᠮᠲᠤ ᠪᠠᠷ ᠬᠠᠮᠠᠭᠠᠯᠠᠬᠤ ᠶᠢ ᠰᠠᠨᠠᠭᠠᠴᠢᠯᠠᠬᠤ ᠪᠤᠯᠤᠨ᠎ᠠ᠃ | |