ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠠᠩ ᠶᠢᠨ ᠮᠠᠨ ᠤ ᠬᠤᠰᠢᠭᠤᠨ ᠳᠤ ᠭᠦᠨᠵᠡᠭᠡᠶᠢᠷᠡᠨ ᠤᠯᠠᠭᠠᠨᠮᠥ᠋ᠴᠢᠷ ᠤᠨ ᠠᠵᠢᠯ ᠳᠤ ᠪᠠᠶᠢᠴᠠᠭᠠᠨ ᠰᠤᠳᠤᠯᠤᠯᠳᠠ ᠬᠢᠭᠰᠡᠨ
ᠨᠡᠶᠢᠲᠡᠯᠡᠭᠰᠡᠨ ᠴᠠᠭ᠄
2024/10/24
     10 ᠰᠠᠷ᠎ᠠ ᠶᠢᠨ 23᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠠᠩ ᠶᠢᠨ  ᠮᠠᠨ ᠤ ᠬᠤᠰᠢᠭᠤᠨ ᠳᠤ ᠬᠦᠨᠵᠡᠭᠡᠶᠢᠷᠡᠨ᠂ ᠤᠯᠠᠭᠠᠨᠮᠥ᠋ᠴᠢᠷ ᠤᠨ ᠠᠵᠢᠯ ᠳᠤ ᠪᠠᠶᠢᠴᠠᠭᠠᠨ ᠰᠤᠳᠤᠯᠤᠯᠳᠠ ᠬᠢᠭᠰᠡᠨ ᠪᠠᠶᠢᠨ᠎ᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠶᠠᠩ ᠯᠢ᠂ ᠬᠤᠰᠢᠭᠤ ᠤᠳᠤᠷᠢᠳᠤᠯᠭ᠎ᠠ ᠴᠧᠨ ᠢᠦᠢ ᠴᠧᠩ᠂ ᠳᠠᠯᠠᠨᠪᠠᠶᠠᠷ᠂ ᠯᠢ ᠱᠤᠸᠠᠢ ᠪᠠᠶᠢᠴᠠᠭᠠᠨ ᠰᠤᠳᠤᠯᠤᠯᠳᠠ ᠎ ᠳᠤ ᠪᠠᠷ᠎ᠠ ᠪᠣᠯᠪᠠ᠃      ᠶᠠᠩ ᠶᠢᠨ ᠨᠠᠷ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ᠂ ᠬᠥᠭᠵᠢᠮ ᠤᠨ ᠥᠷᠥᠭᠡ᠂ ᠦᠵᠡᠬᠦᠯᠦᠯᠬᠡ ᠎ ᠶᠢᠨ ᠣᠷᠳᠣᠨ ᠵᠡᠷᠭᠡ ᠭᠠᠵᠠᠷ ᠢᠶᠠᠷ ᠲᠣᠭᠤᠷᠢᠨ ᠦᠵᠡᠭᠰᠡᠨ ᠤ ᠬᠠᠮᠳᠤ ᠤᠯᠠᠭᠠᠨᠮᠥ᠋ᠴᠢᠷ ᠤᠨ ᠲᠣᠭᠯᠠᠯᠲᠠ ᠶᠢ ᠰᠣᠨᠢᠷᠬᠠᠵᠤ᠂ ᠤᠯᠠᠭᠠᠨᠮᠥ᠋ᠴᠢᠷ ᠤᠨ ᠭᠡᠰᠢᠭᠦᠳ ᠲᠠᠢ ᠰᠠᠨᠠᠯ ᠰᠣᠯᠢᠯᠴᠠᠵᠤ᠂ ᠤᠯᠠᠭᠠᠨᠮᠥ᠋ᠴᠢᠷ ᠤᠨ ᠵᠣᠬᠢᠶᠠᠨ ᠪᠦᠲᠦᠭᠡᠬᠦ᠂ ᠳᠤᠭᠯᠠᠬᠤ᠂ ᠤᠬᠠᠭᠤᠯᠬᠤ᠂ ᠵᠢᠯᠣᠭᠤᠳᠬᠤ᠂ ᠦᠶᠯᠡᠴᠢᠯᠡᠬᠦ᠂ ᠤᠯᠠᠮᠵᠢᠯᠠᠬᠤ᠂ ᠡᠭᠦᠳᠬᠦ ᠪᠠ ᠭᠠᠳᠠᠭᠠᠳᠤ ᠰᠣᠶᠣᠯ ᠎ ᠤᠨ ᠰᠣᠯᠢᠯᠴᠠᠭ᠎ᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠤᠶᠢᠯᠠᠭᠠᠵᠤ᠂ ᠤᠯᠠᠭᠠᠨᠮᠥ᠋ᠴᠢᠷ ᠤᠨ ᠬᠥᠭᠵᠢᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠪᠠ᠃      ᠶᠠᠩ ᠶᠢᠨ ᠵᠢᠭᠠᠬᠤ ᠳᠤ ᠪᠠᠨ᠂ ᠤᠯᠠᠭᠠᠨᠮᠥ᠋ᠴᠢᠷ ᠪᠣᠯ ᠨᠢᠭᠡ ᠰᠠᠯᠠᠭ᠎ᠠ ᠲᠤᠰᠬᠠᠢ ᠮᠡᠷᠭᠡᠵᠢᠯ ᠤᠨ ᠤᠯᠠᠨ ᠴᠢᠳᠠᠪᠤᠷᠢ ᠲᠠᠢ᠂ ᠤᠳᠠᠭᠠᠨ ᠬᠤᠭᠤᠴᠠᠭ᠎ᠠ ᠨᠠᠮᠢᠷᠠᠭᠰᠠᠨ ᠲᠤᠭ ᠮᠥᠨ᠃ ᠪᠦᠬᠦ ᠭᠡᠰᠢᠭᠦᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠤᠳᠬ᠎ᠠ ᠤᠷᠠᠯᠢᠭ ᠤᠨ ᠤᠬᠠᠭᠤᠯᠭ᠎ᠠ ᠶᠢᠨ ᠭᠤᠣᠯ ᠬᠦᠴᠦᠨ ᠴᠡᠷᠢᠭ ᠤᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠬᠡᠪ ᠳᠠᠭᠤᠷᠢᠶᠠᠯ ᠪᠤᠯᠵᠤ᠂ ᠵᠢᠱᠢᠶ᠎ᠡ ᠦᠵᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠤᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠢᠮᠠᠭᠲᠠ ᠪᠠᠷᠢᠮᠲᠠᠯᠠᠵᠤ᠂ ︽ᠰᠤᠷᠤᠯᠴᠠᠬᠤ᠂ ᠡᠭᠦᠳᠬᠦ᠂ ᠲᠣᠭᠯᠠᠬᠤ︾᠎ ᠪᠠᠷ ᠭᠠᠷᠳᠠᠴᠠ ᠪᠣᠯᠭᠠᠵᠤ᠂ ᠤᠯᠠᠭᠠᠨᠮᠥ᠋ᠴᠢᠷ ᠤᠨ ᠴᠤᠭ ᠵᠢᠪᠬᠤᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠣᠬᠢᠶᠠᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠦᠨᠳᠦᠰᠦᠨ ᠱᠠᠲᠤᠨ ᠳᠤ ᠦᠨᠳᠦᠰᠦᠯᠡᠵᠦ᠂ ᠣᠯᠠᠨ ᠲᠦᠮᠡᠨ ᠎ ᠳᠤ ᠦᠶᠯᠡᠴᠢᠯᠡᠵᠦ᠂ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠰᠠᠶᠢᠲᠤᠷ ᠤᠯᠠᠮᠵᠢᠯᠠᠨ ᠵᠠᠯᠭᠠᠮᠵᠢᠯᠠᠵᠤ᠂ ᠠᠷᠠᠳ ᠲᠦᠮᠡᠨ ᠤ ᠲᠥᠯᠥᠭᠡ᠂ ᠴᠠᠭ ᠦᠶ᠎ᠡ ᠶᠢᠨ ᠲᠥᠯᠥᠭᠡ ᠳᠠᠭᠤᠯᠠᠵᠤ᠂ ᠬᠤᠪᠢᠰᠬᠠᠯ ᠤᠨ ᠥᠯᠢᠭᠡᠷ ᠢ ᠲᠠᠰᠤᠷᠠᠯᠲᠠ ᠥᠬᠡᠶ ᠰᠠᠶᠢᠲᠤᠷ ᠶᠠᠷᠢᠵᠤ᠂ ᠦᠵᠡᠭᠴᠢᠳ ᠤᠨ ᠳᠤᠮᠳᠠ ᠳᠡᠯᠭᠡᠷᠡᠵᠦ᠂ ᠦᠯᠡᠳᠡᠵᠦ ᠳᠡᠶᠢᠯᠬᠦ᠂ ᠠᠷᠠᠳ ᠣᠯᠠᠨ ᠤ ᠦᠵᠡᠵᠦ ᠰᠣᠨᠢᠷᠬᠠᠬᠤ ᠳᠤᠷᠠᠲᠠᠶ ᠨᠠᠩ ᠣᠯᠠᠨ ᠤᠳᠬ᠎ᠠ ᠤᠷᠠᠯᠢᠭ ᠤᠨ ᠪᠦᠲᠦᠭᠡᠯ ᠢ ᠴᠢᠷᠮᠠᠶᠢᠨ ᠵᠣᠬᠢᠶᠠᠨ ᠪᠦᠲᠦᠭᠡᠵᠦ᠂ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠤᠯᠰᠤᠭᠠᠢ ᠭᠡᠵᠡᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号