ᠢᠰᠡᠭᠡᠢ ᠤᠷᠠᠯᠠᠯ ᠤᠨ ᠰᠢᠨ᠎ᠡ ᠡᠬᠦᠳᠦᠯᠳᠡ ᠪᠠᠷ ᠤᠯᠠᠮᠵᠢᠯᠠᠯᠳᠤ ᠰᠤᠶᠤᠯ ᠤᠨ ᠦᠨ᠎ᠡ ᠴᠡᠨ᠎ᠡ ᠶᠢ ᠪᠠᠳᠠᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/10/24
     ᠢᠰᠡᠭᠡᠢ ᠬᠢᠬᠦ ᠨᠢ ᠡᠷᠲᠡᠨ ᠤ ᠤᠯᠠᠮᠵᠢᠯᠠᠯᠲᠤ ᠭᠠᠷ ᠤᠷᠠᠯᠠᠯ ᠤᠨ ᠨᠢᠭᠡ ᠪᠤᠯᠤᠭᠰᠠᠨ ᠤ ᠬᠤᠪᠢ ᠳᠤ ᠦᠨᠢ ᠤᠳᠠᠭᠠᠨ ᠳᠡᠦᠬᠡ ᠰᠤᠶᠤᠯ ᠤᠨ ᠠᠭᠤᠯᠬᠤᠨ ᠢ ᠬᠠᠳᠠᠭᠠᠯᠠᠵᠤ ᠪᠠᠶᠢᠳᠠᠭ᠃ ᠭᠠᠷ ᠤᠷᠠᠯᠢᠭᠴᠢᠨ ᠴᠠᠨ᠎ᠠ ᠤᠯᠠᠮᠵᠢᠯᠠᠯᠳᠤ ᠤᠷ᠎ᠠ ᠮᠡᠷᠭᠡᠵᠢᠯ ᠢ ᠰᠢᠨ᠎ᠡ ᠴᠠᠭ ᠦᠶ᠎ᠡ ᠳᠤ ᠠᠭᠤᠰᠬᠠᠨ᠂ ᠢᠰᠡᠭᠡᠢ ᠤᠷᠠᠯᠠᠯ ᠤᠨ ᠪᠦᠲᠦᠭᠡᠭᠳᠡᠬᠦᠨ ᠢᠶᠠᠨ ᠰᠢᠨ᠎ᠡ ᠲᠦᠷᠢ ᠲᠦᠷᠬᠦ ᠪᠠᠷ ᠭᠡᠷᠡᠭᠯᠡᠭᠴᠢᠳ ᠤᠨ ᠠᠯᠠᠭᠠᠨ ᠳᠤ ᠬᠦᠷᠭᠡᠵᠦ᠂ ᠤᠷᠠᠯᠢᠭ ᠤᠨ ᠦᠨ᠎ᠡ ᠴᠡᠨ᠎ᠡ᠂ ᠤᠯᠠᠮᠵᠢᠯᠠᠯᠳᠤ ᠰᠤᠶᠤᠯ ᠤᠨ ᠦᠨ᠎ᠡ ᠴᠡᠨ᠎ᠡ ᠶᠢ ᠪᠠᠳᠠᠷᠠᠭᠤᠯᠵᠤ ᠪᠠᠶᠢᠨ᠎ᠠ᠃      ︽ᠢᠰᠡᠭᠡᠢ ᠡᠷᠳᠡᠨᠢ︾ ᠭᠠᠷ ᠤᠷᠠᠯᠠᠯ ᠤᠨ ᠳᠡᠯᠭᠡᠭᠦᠷ ᠲᠤ ᠤᠷᠤᠵᠤ ᠤᠴᠢᠬᠤ ᠳᠤ᠂ ᠠᠷᠪᠠᠨ ᠬᠤᠶᠠᠷ ᠵᠢᠯ  ᠤᠨ ᠭᠡᠦᠭᠡᠯᠳᠡᠢ᠂ ᠮᠠᠯᠠᠭᠠᠢ᠂ ᠭᠤᠳᠤᠯ᠂ ᠪᠤᠭᠴᠤ᠂ ᠡᠭᠡᠮᠦᠭ᠂ ᠵᠡᠬᠦᠯᠳᠡ᠂ ᠳᠡᠮᠳᠡᠭᠯᠡᠯ ᠤᠨ ᠳᠡᠪᠳᠡᠷ ᠵᠡᠷᠭᠡ ᠮᠤᠩᠭᠤᠯ ᠠᠮᠢᠳᠤᠷᠠᠯ ᠠᠬᠤᠢ ᠰᠤᠶᠤᠯ ᠵᠠᠩ ᠦᠢᠯᠡ ᠶᠢᠨ ᠤᠨᠴᠠᠯᠢᠭ ᠢ ᠰᠢᠩᠭᠡᠭᠡᠭᠰᠡᠨ᠂ ᠢᠰᠡᠭᠡᠢ ᠪᠠᠷ ᠤᠷᠠᠯᠠᠵᠤ ᠬᠢᠭᠰᠡᠨ ᠡᠯᠳᠡᠪ ᠨᠠᠷᠢᠯᠢᠭ ᠪᠦᠲᠦᠭᠡᠯ ᠤᠳ ᠬᠠᠷᠠᠭᠠᠨ ᠳᠤ ᠳᠤᠳᠤᠷᠠᠵᠤ᠂ ᠬᠦᠷᠦᠭᠰᠡᠨ ᠪᠦᠬᠦᠨ ᠳᠤᠷ᠎ᠠ ᠶᠢ ᠪᠤᠯᠢᠶᠠᠵᠤ᠂ ᠬᠡᠦᠬᠡᠳ ᠪᠦᠬᠦᠨ ᠤ ᠬᠠᠶᠢᠷ᠎ᠠ ᠶᠢ ᠳᠠᠳᠠᠬᠤ ᠪᠠᠷ ᠤᠨᠴᠠ ᠶᠢᠨ ᠰᠤᠨᠢᠨ ᠰᠤᠳᠤᠨ ᠪᠠᠶᠢᠯ᠎ᠠ᠃      ᠨᠠᠷᠢᠯᠢᠭ ᠤᠷᠠᠯᠠᠭᠰᠠᠨ ᠢᠰᠡᠭᠡᠢ ᠮᠠᠯᠠᠭᠠᠢ᠂ ᠴᠢᠷᠦᠬᠦᠯ ᠱᠠᠬᠠᠢ ᠵᠡᠷᠭᠡ ᠨᠢ ᠡᠳ᠋ᠯᠡᠬᠦ ᠳᠤ ᠳᠤᠯᠠᠭᠠᠨ ᠳᠠᠭᠠᠳᠠᠢ ᠮᠦᠷᠳᠡᠭᠡᠨ ᠦᠨᠳᠦᠰᠦᠳᠡᠨ ᠤ ᠤᠨᠴᠠᠯᠢᠭ ᠢ ᠠᠭᠤᠯᠤᠭᠰᠠᠨ᠂ ᠴᠠᠭ ᠤᠨ ᠦᠩᠭᠡ ᠶᠢ ᠳᠠᠭᠠᠭᠰᠠᠨ ᠭᠠᠩᠭᠠᠩ ᠬᠢᠴᠡᠳᠡᠢ ᠪᠠᠶᠢᠵᠤ᠂ ᠬᠦᠭᠡᠷᠦᠬᠦᠨ ᠵᠢᠷᠤᠭ ᠲᠦᠷᠰᠦ ᠲᠠᠢ ᠦᠩᠭᠡ ᠦᠩᠭᠡ ᠶᠢᠨ ᠳᠡᠮᠳᠡᠭᠯᠡᠯ ᠤᠨ ᠳᠡᠪᠳᠡᠷ᠂ ᠳᠠᠯᠪᠢᠭᠤᠷ ᠵᠢᠷᠤᠭ᠂ ᠡᠭᠡᠮᠦᠭ ᠵᠡᠬᠦᠯᠳᠡ ᠨᠢ ᠴᠦ ᠦᠪᠡᠷᠮᠢᠴᠡ ᠰᠤᠨᠢᠨ ᠰᠤᠳᠤᠨ᠂ ᠦᠪᠡᠷᠳᠡᠭᠡᠨ ᠭᠡᠷᠡᠭᠯᠡᠬᠦ ᠪᠤᠶᠤ ᠪᠡᠯᠡᠭ ᠳᠤᠷᠠᠰᠬᠠᠯ ᠳᠤ ᠬᠦᠷᠭᠡᠬᠦ ᠳᠤ ᠪᠤᠯᠤᠮᠵᠢ ᠶᠢᠨ ᠰᠠᠶᠢᠬᠠᠨ ᠬᠠᠷᠠᠭᠳᠠᠨ᠎ᠠ᠃ ᠴᠠᠨ᠎ᠠ ᠶᠢᠨ ᠵᠣᠬᠢᠶᠠᠨ ᠪᠦᠲᠦᠭᠡᠯᠭᠡ ᠶᠢᠨ ᠬᠡᠪ ᠨᠠᠮᠪᠠ ᠥᠪᠡᠷᠮᠢᠴᠡ ᠪᠠᠶᠢᠵᠤ᠂ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠤᠨᠴᠠᠯᠢᠭ ᠢ ᠰᠢᠨ᠎ᠡ ᠴᠠᠭ ᠤᠨ ᠬᠡᠪ ᠨᠠᠮᠪᠠ᠂ ᠭᠡᠷᠡᠭᠯᠡᠭᠡᠨ ᠤ ᠱᠠᠭᠠᠷᠳᠠᠯᠭ᠎ᠠ ᠲᠠᠢ ᠤᠶᠠᠯᠳᠤᠭᠤᠯᠵᠤ᠂ ᠦᠩᠭᠡ ᠪᠤᠳᠤᠭ ᠵᠤᠬᠢᠴᠠᠭᠤᠯᠬᠤ᠂ ᠲᠦᠷᠰᠦ ᠪᠦᠲᠦᠭᠡᠬᠦ ᠲᠠᠯ᠎ᠠ  ᠪᠠᠷ ᠴᠦ ᠰᠢᠨ᠎ᠡ ᠰᠡᠪᠡᠭᠦᠨ ᠢ ᠰᠡᠳᠬᠢᠵᠦ᠂ ᠤᠯᠠᠮᠵᠢᠯᠠᠯ ᠢ ᠰᠢᠩᠭᠡᠭᠡᠭᠰᠡᠨ᠂ ᠣᠲᠣ ᠦᠶ᠎ᠡ ᠶᠢᠨ ᠭᠤᠸ᠎ᠠ ᠲᠠᠭᠠᠰᠢᠶᠠᠯ  ᠳᠤ ᠨᠡᠶᠢᠴᠡᠭᠰᠡᠨ ᠤᠯᠠᠨ ᠰᠠᠶᠢᠬᠠᠨ ᠪᠦᠲᠦᠭᠡᠯ ᠤᠷᠠᠯᠠᠵᠤ ᠭᠡᠷᠡᠭᠯᠡᠭᠴᠢᠳ ᠤᠨ ᠬᠦᠷᠢᠶᠡᠯᠡᠯ ᠢ ᠤᠯᠵᠠᠢ᠃      ᠳᠡᠯᠭᠡᠭᠦᠷ ᠲᠤ ᠤᠷᠠᠨ ᠪᠦᠰᠡᠬᠦᠶᠢᠴᠦᠳ ᠰᠢᠷᠡᠭᠡ ᠳᠤᠭᠤᠷᠢᠨ ᠰᠠᠭᠤᠵᠠᠭᠠᠵᠤ᠂ ᠤᠩᠭᠠᠰᠤ ᠨᠤᠤᠰᠤ ᠵᠤᠯᠠᠬᠤ᠂ ᠤᠶᠤᠵᠤ ᠬᠠᠳᠬᠤᠬᠤ ᠠᠴᠠ ᠡᠬᠢᠯᠡᠭᠡᠳ ᠴᠠᠨ᠎ᠠ ᠪᠠᠭᠰᠢ ᠶᠢᠨ ᠢᠶᠠᠨ ᠳᠠᠭᠠᠭᠤᠯᠭ᠎ᠠ ᠳᠤᠤᠷ᠎ᠠ ᠬᠢᠴᠢᠶᠡᠩᠭᠦᠶᠢᠯᠡᠨ ᠰᠤᠷᠴᠤ᠂ ᠨᠢᠮᠪᠠᠢ ᠤᠷᠠᠯᠠᠨ᠎ᠠ᠃ ᠴᠠᠨ᠎ᠠ ᠪᠠᠰᠠ ᠦᠢᠯᠡ ᠤᠶᠤᠳᠠᠯ ᠳᠤ ᠪᠠᠭ᠋ᠠᠳᠠᠢ ᠪᠦᠰᠡᠭᠦᠶᠢᠴᠦᠳ ᠢ ᠭᠠᠷ ᠦᠵᠦᠬᠦᠷ ᠳᠤᠰᠠᠯᠠᠯᠴᠠᠭᠤᠯᠤᠨ ᠤᠷᠤᠯᠭ᠎ᠠ ᠤᠯᠭᠤᠵᠤ᠂ ᠤᠷ᠎ᠠ ᠡᠷᠳᠡᠮ ᠢᠶᠠᠨ ᠤᠯᠠᠮᠵᠢᠯᠠᠨ᠎ᠠ᠃      ᠴᠠᠨ᠎ᠠ ᠬᠠᠷᠠᠬᠠᠨ ᠪᠠᠭ᠎ᠠ ᠠᠴᠠ ᠪᠠᠨ ᠮᠠᠯ ᠤᠨ ᠳᠡᠷᠭᠡᠳᠡ ᠦᠰᠴᠦ᠂ ᠮᠠᠯᠵᠢᠯ ᠰᠤᠶᠤᠯ ᠮᠤᠩᠭᠤᠯ ᠠᠬᠤᠢ ᠠᠮᠢᠳᠤᠷᠠᠯ ᠠᠴᠠ ᠪᠠᠨ ᠬᠤᠯᠠ ᠶᠢᠨ ᠪᠤᠳᠤᠯ ᠬᠡᠳᠦ ᠶᠢᠨ ᠤᠬᠠᠭᠠᠨ ᠢ ᠰᠤᠷᠴᠤ᠂ ᠭᠠᠷ ᠤᠷᠠᠯᠠᠯ ᠳᠤ ᠪᠠᠭ᠋ᠠᠳᠠᠢ ᠪᠤᠯᠵᠤ ᠬᠦᠮᠦᠵᠢᠭᠳᠡᠨ᠂ ᠭᠠᠳᠠᠭᠠᠳᠤ ᠳᠤᠳᠤᠭᠠᠳᠤ ᠪᠠᠷ ᠰᠤᠷᠴᠤ ᠰᠤᠳᠤᠯᠤᠨ᠂ ᠨᠤᠲᠤᠭ ᠲᠠᠭᠠᠨ ᠢᠷᠡᠵᠦ ᠢᠰᠡᠭᠡᠢ ᠤᠷᠠᠯᠠᠯ  ᠤᠨ ᠦᠢᠯᠡᠰ ᠢᠶᠠᠨ ᠡᠬᠢᠯᠡᠬᠦᠯᠦᠭᠰᠡᠨ ᠪᠠᠶᠢᠯ᠎ᠠ᠃ ᠲᠡᠷᠡ᠂ ᠠᠵᠠ ᠪᠠᠷ ᠰᠢᠯᠢ ᠶᠢᠨ ᠭᠤᠣᠯ ᠠᠶᠢᠮᠠᠭ ᠤᠨ ᠢᠰᠡᠭᠡᠢ ᠤᠷᠠᠯᠠᠯ ᠤᠨ ᠪᠤᠳᠠᠰ ᠤᠨ ᠪᠤᠰᠤ ᠰᠤᠶᠤᠯ ᠤᠨ ᠦᠪ ᠤᠨ ᠵᠠᠯᠭᠠᠮᠵᠢᠯᠠᠭᠴᠢ ᠽᠠᠨᠳᠠᠨᠴᠡᠴᠡᠭ ᠪᠠᠭᠰᠢ ᠳᠤ ᠱᠠᠪᠢᠯᠠᠵᠤ᠂ ᠪᠣᠯᠪᠠᠰᠤᠷᠠᠯ ᠰᠤᠷᠭᠠᠯᠳᠠ ᠳᠤ ᠤᠯᠠᠨᠳᠠ ᠣᠷᠣᠯᠴᠠᠵᠤ᠂ ᠤᠷ᠎ᠠ ᠮᠡᠷᠭᠡᠵᠢᠯ ᠢᠶᠠᠨ ᠳᠡᠭᠡᠭᠰᠢᠯᠡᠬᠦᠯᠦᠨ᠂ ᠤᠯᠠᠨ ᠴᠦ ᠤᠷᠤᠯᠳᠤᠭᠠᠨ ᠳᠡᠮᠡᠴᠡᠭᠡᠨ ᠳᠤ ᠠᠮᠵᠢᠯᠳᠠᠳᠠᠢ ᠤᠷᠤᠯᠴᠠᠭᠰᠠᠨ ᠢᠶᠠᠷ ᠪᠠᠷᠠᠬᠤ ᠦᠬᠡᠢ ᠭᠠᠳᠠᠭᠠᠳᠤ ᠳᠤ ᠤᠷᠠᠨ ᠪᠦᠲᠦᠭᠡᠯ ᠤᠨ ᠢᠶᠠᠨ ᠳᠡᠯᠭᠡᠨ ᠦᠵᠡᠬᠦᠯᠦᠯᠬᠡ ᠶᠢ ᠬᠢᠵᠦ ᠪᠠᠶᠢᠵᠠᠢ᠃ 2024 ᠣᠨ ᠤ 3 ᠰᠠᠷ᠎ᠠ ᠳᠤ᠂ ︽ᠰᠢᠯᠢ  ᠶᠢᠨ ᠭᠤᠤᠯ ᠠᠶᠢᠮᠠᠭ ᠤᠨ ᠢᠰᠡᠭᠡᠶ ᠡᠷᠳᠡᠨᠢ ᠤᠷᠠᠯᠠᠯ ᠰᠣᠶᠣᠯ ᠢ ᠤᠯᠠᠮᠵᠢᠯᠠᠨ ᠵᠠᠯᠭᠠᠮᠵᠢᠯᠠᠬᠤ ᠬᠢᠵᠠᠭᠠᠷᠲᠤ ᠺᠣᠮᠫᠠᠨᠢ︾  ᠶᠢᠨ ᠬᠤᠪᠢᠶᠠᠷᠢ ᠺᠣᠮᠫᠠᠨᠢ ᠮᠠᠨ ᠤ ᠬᠤᠰᠢᠭᠤᠨ ᠳᠤ ᠪᠠᠶᠢᠭᠤᠯᠤᠭᠳᠠᠵᠤ᠂ ᠢᠰᠡᠭᠡᠢ ᠤᠷᠠᠯᠠᠯ ᠤᠨ ᠵᠣᠬᠢᠶᠠᠨ ᠪᠦᠲᠦᠭᠡᠯᠭᠡ ᠶᠢᠨ ᠬᠢᠷᠢ ᠲᠦᠪᠰᠢᠨ ᠥᠨᠳᠥᠷ᠂ ᠪᠦᠯᠬᠦᠮ ᠨᠡᠶᠢᠲᠡ ᠶᠢᠨ ᠬᠠᠮᠲᠤᠷᠠᠯᠴᠠᠭᠠᠨ ᠤ ᠵᠣᠷᠢᠭ ᠰᠠᠨᠠᠭ᠎ᠠ ᠪᠠ ᠵᠣᠬᠢᠶᠠᠨ ᠪᠠᠶᠢᠭᠤᠯᠵᠤ ᠬᠠᠮᠢᠶᠠᠷᠬᠤ ᠴᠢᠳᠠᠪᠤᠷᠢ ᠦᠨᠳᠦᠷ ᠬᠡᠮᠡᠨ ᠤᠯᠠᠨ ᠤ ᠰᠠᠶᠢᠨ ᠦᠨᠡᠯᠡᠯᠳᠡ ᠪᠠᠷ ᠴᠠᠨ᠎ᠠ ᠬᠤᠪᠢᠶᠠᠷᠢ ᠺᠣᠮᠫᠠᠨᠢ ᠶᠢᠨ ᠳᠠᠭᠠᠭᠠᠮᠠᠯ ᠢᠶᠠᠷ ᠳᠤᠮᠢᠯᠠᠭᠳᠠᠪᠠ᠃ ᠣᠳᠣᠬᠠᠨ ᠳᠤ᠂ ᠬᠤᠪᠢᠶᠠᠷᠢ ᠺᠣᠮᠫᠠᠨᠢ ᠨᠢ 8 ᠠᠵᠢᠯᠲᠠᠨ ᠲᠠᠢ᠂ ᠤᠷᠠᠯᠠᠯ ᠤᠨ ᠪᠦᠲᠦᠭᠡᠯ ᠨᠢ ᠪᠤᠳᠠᠳᠤ ᠴᠠᠤᠭᠴᠠ ᠶᠢᠨ ᠳᠡᠯᠭᠡᠭᠦᠷ ᠪᠠ ᠰᠦᠯᠵᠢᠶᠡᠨ ᠤ ᠪᠤᠷᠤᠯᠠᠭᠤᠯᠭ᠎ᠠ ᠪᠠᠷ ᠳᠡᠮᠵᠢᠨ ᠮᠠᠨ ᠤ ᠠᠶᠢᠮᠠᠭ ᠠᠴᠠ ᠭᠠᠳᠠᠨ᠎ᠠ ᠬᠥᠬᠡᠬᠤᠲᠠ᠂ ᠤᠯᠠᠭᠠᠨᠬᠠᠳᠠ᠂ ᠬᠥᠯᠥᠨ ᠪᠣᠶᠢᠷ ᠵᠡᠷᠭᠡ ᠡᠯ᠎ᠡ ᠠᠶᠢᠮᠠᠭ ᠬᠤᠲᠠ ᠴᠢᠨᠠᠭᠰᠢᠯᠠᠪᠠᠯ ᠪᠡᠭᠡᠵᠢᠩ᠂ ᠱᠠᠩᠬᠠᠶ᠂ ᠴᠠᠩᠱᠠ ᠵᠡᠷᠭᠡ ᠭᠠᠳᠠᠷ ᠮᠤᠵᠢ ᠣᠷᠣᠨ ᠵᠢᠴᠢ ᠭᠠᠳᠠᠭᠠᠳᠤ ᠳᠤ ᠪᠤᠷᠤᠯᠠᠭᠤᠯᠤᠭᠳᠠᠵᠤ᠂ ᠪᠣᠷᠣᠯᠠᠭᠤᠯᠤᠯᠲᠠ ᠶᠢᠨ ᠬᠡᠮᠵᠢᠶ᠎ᠡ ᠵᠢᠯ ᠳᠠᠷᠠᠭᠠᠯᠠᠨ ᠳᠡᠭᠡᠭᠰᠢᠯᠡᠵᠦ᠂ ᠭᠡᠷᠡᠭᠯᠡᠭᠴᠢᠳ ᠤᠨ ᠰᠠᠶᠢᠨ ᠦᠨᠡᠯᠡᠯᠲᠡ ᠶᠢ ᠤᠯᠵᠤ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号