ᠮᠠᠨ ᠤ ᠬᠤᠰᠢᠭᠤ ᠡᠯᠡᠰᠦᠷᠭᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/10/24
     2024 ᠣᠨ ᠳᠤ ᠮᠠᠨ ᠤ ᠬᠤᠰᠢᠭᠤ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠪᠠ ᠭᠡᠷᠡᠯ ᠴᠡᠨᠡᠭ ᠢ ᠨᠢᠭᠡ ᠴᠣᠭᠴᠠᠵᠢᠭᠤᠯᠬᠤ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠮᠠᠯᠵᠢᠬᠤ ᠡᠷᠦᠬᠡ᠂ ᠲᠤᠬᠠᠶ ᠶᠢᠨ ᠭᠠᠵᠠᠷ ᠤᠨ ᠬᠠᠶᠢᠨ ᠪᠠᠶᠢᠴᠠᠭᠠᠯᠲᠠ ᠲᠠᠢ ᠢᠳᠡᠪᠬᠢᠲᠡᠶ ᠵᠣᠯᠭᠠᠭᠤᠯᠤᠨ᠂ ᠵᠠᠰᠠᠯᠲᠠ ᠶᠢᠨ ᠣᠷᠣᠨ ᠤ ᠠᠵᠢᠯ ᠢ ᠲᠦᠷᠭᠡᠳᠬᠡᠨ ᠨᠠᠶᠢᠳᠠᠪᠤᠷᠢᠵᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠪᠠᠳᠤᠯᠠᠵᠤ ᠪᠠᠶᠢᠨ᠎ᠠ᠃      ᠮᠠᠨ ᠤ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠤᠷᠤᠨ ᠤ ᠶᠡᠷᠦᠩᠬᠡᠶ ᠲᠠᠯᠠᠪᠠᠶ 734.88 ᠲᠦᠮᠡᠨ ᠮᠥ ᠪᠠᠶᠢᠵᠤ᠂ ᠡᠭᠦᠨ ᠳᠤ ᠨᠡᠭᠦᠳᠡᠯ ᠡᠯᠡᠰᠦᠷᠬᠡᠭ ᠭᠠᠵᠠᠷ 39.07 ᠲᠦᠮᠡᠨ ᠮᠥ᠂ ᠬᠠᠭᠠᠰ ᠲᠣᠭᠲᠠᠮᠠᠯ ᠡᠯᠡᠰᠦᠷᠬᠡᠭ ᠭᠠᠵᠠᠷ 45.18 ᠲᠦᠮᠡᠨ ᠮᠥ᠂ ᠲᠣᠭᠲᠠᠮᠠᠯ ᠡᠯᠡᠰᠦᠷᠬᠡᠭ ᠭᠠᠵᠠᠷ 644.7 ᠲᠦᠮᠡᠨ ᠮᠥ᠂ ᠲᠠᠴᠢᠷᠰᠢᠭᠰᠠᠨ ᠭᠠᠵᠠᠷ 5.93 ᠲᠦᠮᠡᠨ ᠮᠥ ᠪᠠᠶᠢᠵᠤ᠂ ᠭᠤᠤᠯᠳᠠᠭᠤ ᠰᠠᠶᠢᠬᠠᠠᠠᠦ᠋ᠯᠵᠡᠢ ᠰᠤᠮᠤ᠂ ᠰᠠᠩᠪᠤᠯᠠᠭ ᠰᠤᠮᠤ᠂ ᠠᠴᠢᠳᠤᠠᠠᠭᠤᠯᠠ ᠰᠤᠮᠤ᠂ ᠡᠷᠢᠶᠡᠨᠨᠠᠭᠤᠷ ᠰᠤᠮᠤ᠂ ᠦᠷᠭᠡᠨᠳᠡᠯ᠎ᠡ ᠪᠠᠯᠭᠠᠰᠤ ᠵᠡᠷᠭᠡ 5 ᠰᠤᠮᠤ ᠪᠠᠯᠭᠠᠰᠤᠨ ᠤ 27 ᠭᠠᠴᠠᠭᠠᠨ ᠳᠤ ᠲᠠᠷᠬᠠᠵᠤ ᠪᠣᠶ᠃ ᠦᠷᠭᠡᠨᠳᠡᠯ᠎ᠡ ᠪᠠᠯᠭᠠᠰᠤᠨ ᠤ ᠨᠠᠷᠠᠨᠪᠤᠯᠠᠭ ᠭᠠᠴᠠᠭᠠᠨ ᠤ ᠬᠤᠯᠠᠨ ᠰᠢᠷᠭ᠎ᠠ ᠲᠠᠭ᠎ᠠ  ᠶᠢᠨ ᠡᠯᠡᠰᠦᠷᠬᠡᠭ ᠤᠷᠤᠨ ᠤ ᠶᠡᠷᠦᠩᠬᠡᠶᠢᠯᠡᠭᠰᠡᠨ ᠲᠥᠷᠥᠯ ᠵᠦᠶᠯ ᠤᠨ ᠵᠠᠰᠠᠯᠲᠠ ᠶᠢᠨ ᠣᠷᠣᠨ ᠳᠤ᠂ ᠡᠯᠡᠰᠦ ᠶᠢ ᠳᠤᠭᠳᠠᠪᠤᠷᠢᠵᠢᠭᠤᠯᠬᠤ ᠬᠠᠯᠬᠠᠪᠴᠢ ᠪᠤᠯᠭᠠᠨ ᠳᠠᠷᠢᠭᠰᠠᠨ ᠡᠪᠡᠰᠦ ᠮᠥᠷ ᠮᠥᠷ ᠢᠶᠠᠷ ᠵᠢᠭᠳᠡᠷᠡᠨ ᠤᠷᠭᠤᠭᠰᠠᠨ ᠪᠠᠶᠢᠯ᠎ᠠ᠃ ᠲᠣᠰ ᠲᠥᠷᠥᠯ ᠵᠦᠶᠯ ᠤᠨ ᠲᠣᠭᠤᠷᠢᠭ ᠪᠣᠯᠤᠨ ᠰᠠᠶᠢᠬᠠᠨ᠋ᠦ᠌ᠯᠵᠡᠶ ᠰᠤᠮᠤᠨ ᠤ ᠳᠤᠷᠤᠮ ᠭᠠᠴᠠᠭᠠᠨ ᠤ ᠲᠥᠷᠥᠯ ᠵᠦᠶᠯ  ᠤᠨ ᠲᠣᠭᠤᠷᠢᠭ ᠢ ᠵᠡᠷᠭᠡᠪᠡᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠡᠯᠡᠰᠦ ᠶᠢ ᠲᠣᠭᠲᠠᠪᠤᠷᠢᠵᠢᠭᠤᠯᠬᠤ ᠪᠠ ᠬᠥᠮᠦᠨ ᠤ ᠬᠦᠴᠦ ᠪᠠᠷ ᠡᠪᠡᠰᠦ ᠳᠠᠷᠢᠬᠤ ᠵᠠᠰᠠᠯᠲᠠ ᠶᠢᠨ ᠵᠠᠭᠪᠤᠷ ᠢ ᠬᠡᠷᠡᠭᠵᠢᠭᠦᠯᠵᠦ᠂ ᠣᠳᠣᠬᠠᠨ ᠳᠤ ᠨᠡᠶᠢᠲᠡ 800 ᠮᠥ ᠡᠯᠡᠰᠦ ᠶᠢ ᠵᠠᠰᠠᠭᠠᠳ ᠦᠷ᠎ᠡ ᠪᠦᠲᠦᠮᠵᠢ ᠤᠯᠤᠭᠰᠠᠨ ᠪᠠᠶᠢᠨ᠎ᠠ᠃      ᠡᠨᠡ ᠵᠢᠯ ᠮᠠᠨ ᠤ ᠬᠤᠰᠢᠭᠤ ᠡᠯᠡᠰᠦᠷᠭᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠪᠠ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠭᠡᠷᠡᠭᠵᠢᠬᠦᠯᠦᠨ᠂ 21 ᠲᠦᠮᠡᠨ ᠮᠥ ᠳᠠᠯᠠᠪᠠᠢ ᠡᠯᠡᠰᠦ ᠶᠢ ᠵᠠᠰᠠᠬᠤ ᠪᠠᠷ ᠲᠥᠯᠥᠪᠯᠡᠵᠦ᠂ ᠬᠠᠷᠢᠶ᠎ᠠ ᠣᠷᠣᠨ ᠤ ᠬᠤᠶᠠᠷ ᠬᠤᠷᠰᠢᠶᠠᠵᠢᠯ ᠵᠢᠴᠢ ᠮᠠᠯᠴᠢᠨ ᠡᠷᠦᠬᠡ ᠬᠠᠮᠳᠤᠷᠠᠨ ᠬᠡᠷᠡᠭᠵᠢᠭᠦᠯᠬᠦ ᠪᠠᠷ ᠲᠣᠭᠲᠠᠵᠤ᠂ ᠣᠳᠣᠬᠠᠨ ᠳᠤ ᠨᠢᠭᠡᠨᠲᠡ ᠲᠤᠬᠠᠶ ᠶᠢᠨ ᠭᠠᠵᠠᠷ ᠤᠨ ᠬᠠᠶᠢᠨ ᠪᠠᠶᠢᠴᠠᠭᠠᠵᠤ ᠨᠠᠶᠢᠳᠠᠪᠤᠷᠢᠵᠢᠭᠤᠯᠬᠤ ᠠᠵᠢᠯ ᠢ ᠪᠡᠶᠡᠯᠡᠭᠦᠯᠵᠦ᠂ ᠶᠠᠭ ᠠᠵᠢᠯᠯᠠᠭᠠᠨ ᠤ ᠲᠦᠰᠦᠪ ᠢ ᠵᠤᠬᠢᠶᠠᠵᠤ ᠪᠠᠶᠢᠨ᠎ᠠ᠃ ᠣᠶᠢᠯᠠᠭᠠᠭᠰᠠᠨ ᠢᠶᠠᠷ᠂ ᠳᠤᠰ ᠲᠦᠷᠦᠯ ᠵᠦᠢᠯ ᠭᠡᠷᠡᠭᠵᠢᠬᠦᠯᠦᠭᠳᠡᠭᠰᠡᠨ ᠢᠶᠠᠷ᠂ ᠲᠥᠷᠥᠯ ᠵᠦᠶᠯ ᠤᠨ ᠣᠷᠣᠨ ᠤ ᠳᠣᠲᠣᠷᠠᠬᠢ ᠮᠠᠯᠴᠢᠳ ᠤᠨ ᠬᠥᠮᠦᠨ ᠳᠤᠮᠳᠠᠴᠢ ᠶᠢᠨ ᠣᠷᠣᠯᠭ᠎ᠠ ᠪᠠᠷᠤᠭ 2 ᠲᠦᠮᠡᠨ ᠲᠥᠭᠦᠷᠢᠭ᠂ ᠡᠷᠦᠬᠡ ᠪᠦᠷᠢ  ᠶᠢᠨ ᠵᠢᠯ ᠤᠨ ᠣᠷᠣᠯᠭ᠎ᠠ ᠪᠠᠷᠤᠭ 6 ᠲᠦᠮᠡᠨ ᠲᠥᠭᠦᠷᠢᠭ ᠲᠤ ᠬᠦᠷᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号