ᠳᠤᠰᠠᠭᠠᠷ ᠵᠤᠷ ᠤᠨ ᠮᠣᠩᠭᠤᠯ ᠡᠮ ᠨᠠᠶᠢᠷᠠᠭᠤᠯᠬᠤ ᠦᠶᠯᠡᠴᠢᠯᠡᠭᠡ ᠪᠠᠷ ᠠᠷᠠᠳ ᠤᠯᠠᠨ ᠳᠤ ᠨᠠᠩ ᠶᠡᠭᠡ ᠠᠰᠢᠭ ᠬᠦᠷᠳᠡᠭᠡᠵᠦ ᠪᠠᠶᠢᠨ᠎ᠠ
ᠨᠡᠶᠢᠲᠡᠯᠡᠭᠰᠡᠨ ᠴᠠᠭ᠄
2024/10/26
     ᠤᠯᠠᠮᠵᠢᠯᠠᠯᠲᠤ ᠮᠣᠩᠭᠤᠯ ᠡᠮ ᠡᠮᠨᠡᠯᠭᠡ ᠶᠢᠨ ᠰᠣᠶᠣᠯ ᠢ ᠵᠠᠯᠭᠠᠮᠵᠢᠯᠠᠨ ᠪᠠᠳᠠᠷᠠᠭᠤᠯᠵᠤ᠂ ᠣᠯᠠᠨ ᠲᠦᠮᠡᠨ ᠤ ᠡᠷᠡᠭᠦᠯ ᠮᠡᠨᠳᠦ ᠶᠢᠨ ᠦᠶᠯᠡᠴᠢᠯᠡᠭᠡᠨ ᠤ ᠰᠢᠨ᠎ᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠡᠨᠡ ᠵᠢᠯ᠂ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ ᠤᠳᠠᠭᠠᠨ ᠴᠢᠨᠠᠷᠲᠠᠶ ᠡᠪᠡᠳᠴᠢᠨ ᠢ ᠡᠮᠨᠡᠨ ᠵᠠᠰᠠᠬᠤ ᠲᠠᠯ᠎ᠠ ᠪᠠᠷ ᠬᠢ ᠮᠣᠩᠭᠤᠯ ᠡᠮ ᠡᠮᠨᠡᠯᠭᠡ ᠶᠢᠨ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠥᠪᠡᠷ ᠤᠨ ᠥᠷᠲᠡᠭ ᠳᠣᠤᠷ᠎ᠠ᠂ ᠦᠷ᠎ᠡ ᠪᠦᠲᠦᠮᠵᠢ ᠰᠠᠶᠢᠨ ᠳᠤᠰᠠᠭᠠᠷ ᠵᠤᠷ ᠤᠨ ᠮᠣᠩᠭᠤᠯ ᠡᠮ ᠨᠠᠶᠢᠷᠠᠭᠤᠯᠬᠤ ᠦᠶᠯᠡᠴᠢᠯᠡᠭᠡ ᠠᠷᠠᠳ ᠤᠯᠠᠨ ᠳᠤ ᠨᠡᠩ ᠶᠡᠭᠡ ᠠᠰᠢᠭ ᠬᠦᠷᠲᠡᠭᠡᠵᠦ ᠪᠠᠶᠢᠨ᠎ᠠ᠃      ᠬᠤᠰᠢᠭᠤ ᠮᠣᠩᠭᠤᠯ ᠡᠮᠨᠡᠯᠭᠡ ᠶᠢᠨ ᠬᠤᠷᠢᠶᠠᠨ ᠤ ᠲᠤᠰᠠᠭᠠᠷ ᠵᠤᠷ ᠤᠨ ᠮᠣᠩᠭᠤᠯ ᠡᠮ ᠨᠠᠶᠢᠷᠠᠭᠤᠯᠬᠤ ᠲᠠᠰᠤᠭ ᠎ ᠲᠤ᠂ ᠭᠤᠤᠯᠯᠠᠬᠤ ᠡᠮᠴᠢ ᠶᠢᠨ ᠪᠢᠴᠢᠭᠰᠡᠨ ᠡᠮ ᠤᠨ ᠵᠤᠷ ᠢ ᠦᠨᠳᠦᠰᠦᠯᠡᠨ ᠡᠮᠴᠢ ᠨᠠᠷ᠂ ᠡᠮ ᠤᠨ ᠮᠠᠲ᠋ᠧᠷᠢᠶᠠᠯ ᠢ ᠮᠠᠰᠢᠨ ᠢᠶᠠᠷ ᠳᠠᠯᠬᠠᠳᠠᠵᠤ᠂ ᠡᠮ ᠤᠨ ᠬᠡᠮᠵᠢᠶ᠎ᠡ ᠶᠢ ᠵᠢᠩᠯᠡᠭᠡᠳ᠂ ᠵᠢᠵᠢᠭ ᠤᠭᠤᠳᠠᠨ ᠳᠤ ᠬᠤᠪᠢᠶᠠᠨ ᠤᠭᠤᠳᠠᠯᠠᠵᠤ ᠡᠪᠡᠳᠴᠢᠳᠡᠨ ᠳᠤ ᠭᠠᠷᠳᠠᠭᠤᠯᠤᠨ᠎ᠠ᠃ ᠮᠤᠩᠭᠤᠯ ᠡᠮ ᠤᠨ ᠳᠠᠰᠤᠭ ᠤᠨ ᠡᠮᠴᠢ ᠰᠤᠷᠪᠤᠯᠵᠢᠯᠠᠭᠴᠢ ᠳᠤ᠂ ︽ᠳᠤᠰᠠᠭᠠᠷ ᠵᠤᠷ ᠤᠨ ᠡᠮ ᠨᠠᠶᠢᠷᠠᠭᠤᠯᠬᠤ ᠦᠶᠯᠡᠴᠢᠯᠡᠭᠡ ᠨᠢ ᠥᠩᠭᠡᠷᠡᠭᠰᠡᠨ ᠤ ᠬᠢ ᠲᠠᠢ ᠬᠠᠷᠢᠴᠠᠭᠤᠯᠪᠠᠯ ᠴᠠᠭ ᠢ ᠠᠷᠪᠢᠯᠠᠵᠤ᠂ ᠬᠥᠮᠦᠨ ᠤ ᠬᠦᠴᠦ ᠶᠢ ᠠᠷᠪᠢᠯᠠᠵᠦ᠂ ᠮᠠᠰᠢᠨ ᠲᠥᠬᠦᠭᠡᠷᠦᠮᠵᠢ ᠪᠠᠷ ᠬᠥᠮᠦᠨ ᠤ ᠬᠦᠴᠦᠨ ᠤ ᠦᠶᠯᠡᠴᠢᠯᠡᠭᠡ ᠶᠢ ᠤᠷᠤᠯᠠᠭᠤᠯᠵᠤ ᠪᠤᠯᠤᠨ᠎ᠠ᠃ ᠤᠤᠯ ᠤᠨ ᠬᠢ ᠠᠴᠠ ᠬᠤᠯᠠ ᠲᠥᠬᠦᠮ ᠪᠤᠯᠵᠦ᠂ ᠲᠡᠷᠡ ᠮᠥᠷᠲᠡᠭᠡᠨ ᠡᠮ ᠤᠨ ᠪᠤᠭᠤᠯᠳᠠ ᠡᠪᠳᠡᠷᠡᠬᠦ ᠪᠠᠶᠢᠳᠠᠯ ᠴᠤ ᠥᠬᠡᠶ ᠪᠣᠯᠵᠠᠶ ᠭᠡᠵᠦ ᠬᠠᠨᠤᠮᠵᠢᠳᠠᠶᠢᠬᠠᠨ ᠶᠠᠷᠢᠯ᠎ᠠ᠃ ᠳᠤᠰᠠᠭᠠᠷ ᠵᠤᠷ ᠤᠨ ᠮᠤᠩᠭᠤᠯ ᠡᠮ ᠨᠠᠶᠢᠷᠠᠭᠤᠯᠬᠤ ᠳᠠᠰᠤᠭ ᠨᠢ ᠡᠪᠡᠳᠴᠢᠲᠡᠨ ᠪᠦᠷᠢ ᠶᠢᠨ ᠬᠡᠷᠡᠭᠴᠡᠭᠡ ᠶᠢ ᠦᠨᠳᠦᠰᠦᠯᠡᠨ ᠲᠣᠭᠲᠠᠭᠠᠭᠰᠠᠨ ᠥᠪᠡᠷᠮᠢᠴᠡ ᠡᠮᠴᠢᠯᠡᠭᠡ᠂ ᠳᠤᠰᠬᠠᠢ ᠡᠮ ᠬᠡᠷᠡᠭᠯᠡᠬᠦ ᠲᠥᠰᠦᠯ ᠪᠣᠯᠤᠨ᠎ᠠ᠃ ᠡᠮᠴᠢ ᠎ ᠶᠢᠨ ᠪᠢᠴᠢᠭᠰᠡᠨ ᠵᠤᠷ ᠢᠶᠠᠷ ᠡᠮ ᠤᠨ ᠮᠠᠲ᠋ᠧᠷᠢᠶᠠᠯ ᠢ ᠮᠠᠰᠢᠨ ᠢᠶᠠᠷ ᠨᠠᠶᠢᠷᠠᠭᠤᠯᠵᠤ ᠪᠤᠯᠪᠠᠰᠤᠷᠠᠭᠤᠯᠤᠨ᠂ ᠦᠨ᠎ᠡ ᠬᠢᠮᠳᠠ ᠦᠢᠯᠡᠳᠦᠯ ᠰᠠᠶᠢᠨ ᠮᠤᠩᠭᠤᠯ ᠡᠮ ᠢ ᠡᠪᠡᠳᠴᠢᠳᠡᠨ ᠲᠦᠮᠡᠨ ᠳᠤ ᠪᠠᠨ ᠬᠠᠩᠭᠠᠵᠤ᠂ ᠦᠷᠭᠡᠨ ᠤᠯᠠᠨ ᠤ ᠰᠠᠶᠢᠨ ᠦᠨᠡᠯᠡᠯᠳᠡ ᠶᠢ ᠤᠯᠵᠤ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ ᠬᠠᠮᠲᠤ ᠪᠠᠷ ᠡᠳ᠋ᠯᠡᠬᠦ ᠡᠮ ᠤᠨ ᠬᠡᠷ ᠪᠠᠶᠢᠭᠤᠯᠬᠤ ᠶᠢᠨ ᠬᠠᠮᠲᠤ ᠳᠤᠰᠠᠭᠠᠷ ᠵᠤᠷ ᠤᠨ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠠᠶᠢᠭᠤᠯᠵᠤ᠂ ᠦᠨᠳᠦᠰᠦᠨ ᠱᠠᠲᠤᠨ ᠤ ᠡᠮᠴᠢ ᠰᠤᠪᠢᠯᠠᠭᠴᠢ ᠳᠤ ᠮᠣᠩᠭᠤᠯ ᠡᠮ ᠡᠮᠨᠡᠯᠭᠡ ᠶᠢᠨ ᠲᠤᠰᠬᠠᠶ ᠮᠡᠷᠭᠡᠵᠢᠯ ᠤᠨ ᠪᠣᠯᠪᠠᠰᠤᠷᠠᠯ ᠬᠦᠷᠳᠡᠭᠡᠬᠦ ᠪᠠᠷ ᠪᠤᠢ᠂ ᠡᠭᠦᠨ ᠳᠤ ᠮᠣᠩᠭᠤᠯ ᠡᠮᠨᠡᠯᠭᠡ ᠶᠢᠨ ᠣᠨᠣᠰᠢᠯᠠᠬᠤ ᠮᠡᠷᠭᠡᠵᠢᠯ᠂ ᠮᠣᠩᠭᠤᠯ ᠡᠮ ᠤᠨ ᠵᠣᠷ ᠤᠨ ᠬᠡᠷᠡᠭᠯᠡᠯᠲᠡ᠂ ᠮᠣᠩᠭᠤᠯ ᠡᠮᠨᠡᠯᠭᠡ ᠶᠢᠨ ᠥᠪᠡᠷᠮᠢᠴᠡ ᠣᠨᠴᠠᠯᠢᠭ ᠪᠥᠬᠦᠶ ᠡᠮᠨᠡᠬᠦ ᠠᠷᠭ᠎ᠠ ᠵᠡᠷᠭᠡ ᠲᠠᠯ᠎ᠠ ᠶᠢᠨ ᠪᠣᠯᠪᠠᠰᠤᠷᠠᠯ ᠰᠤᠷᠭᠠᠯᠳᠠ ᠶᠢ ᠬᠠᠮᠤᠷᠴᠤ᠂ ᠲᠡᠳᠡᠨ ᠤ ᠡᠮᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠲᠤᠬᠠᠶ ᠎ ᠶᠢᠨ ᠭᠠᠵᠠᠷ ᠤᠨ ᠤᠯᠠᠨ ᠲᠦᠮᠡᠨ ᠳᠤ ᠨᠠᠩ ᠰᠠᠶᠢᠨ ᠦᠶᠯᠡᠴᠢᠯᠡᠵᠦ᠂ ᠡᠪᠡᠳᠴᠢᠨ ᠠᠴᠠ ᠪᠣᠯᠵᠣ ᠶᠠᠳᠠᠭᠤᠷᠠᠬᠤ᠂ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠦᠵᠡᠭᠳᠡᠯ ᠢ ᠲᠤᠶᠢᠯᠪᠤᠷᠢᠳᠠᠢ ᠪᠠᠭᠠᠰᠬᠠᠵᠤ᠂ ᠣᠷᠣᠯᠭ᠎ᠠ ᠪᠠᠭᠠᠲᠠᠶ ᠬᠡᠷ ᠪᠦᠯᠢ ᠶᠢᠨ ᠡᠪᠡᠳᠴᠢᠨ ᠢᠶᠠᠨ ᠦᠵᠡᠬᠦᠯᠬᠦ ᠳᠠᠷᠤᠭᠠᠰᠤ ᠶᠢ ᠬᠥᠩᠭᠡᠷᠡᠭᠦᠯᠵᠦ᠂ ᠥᠷᠭᠡᠨ ᠣᠯᠠᠨ ᠡᠪᠡᠳᠴᠢᠲᠡᠨ ᠳᠤ ᠦᠷᠭᠦᠯᠵᠢᠯᠡᠨ ᠲᠦᠬᠦᠮ ᠦᠵᠡᠬᠦᠯᠵᠦ ᠠᠰᠢᠭ ᠬᠦᠷᠳᠡᠭᠡᠬᠦ ᠪᠠᠷ ᠪᠤᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号