ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠬᠦᠯᠵᠦ᠂ ᠲᠦᠷᠦᠯ ᠵᠦᠢᠯ ᠤᠨ ᠭᠠᠷᠳᠠᠮ ᠭᠦᠶᠴᠡᠳᠬᠡᠬᠦ᠂ ᠠᠰᠢᠭᠯᠠᠯᠲᠠ ᠳᠤ ᠣᠷᠣᠵᠤ | ᠦᠷ᠎ᠡ ᠠᠰᠢᠭ ᠣᠯᠬᠤ ᠵᠡᠷᠭᠡ ᠪᠦᠬᠦ ᠬᠡᠯᠬᠢᠶᠡᠨ ᠳᠤ ᠰᠢᠯᠢᠳᠡᠭ ᠦᠢᠯᠡᠴᠢᠯᠡᠭᠡ ᠬᠠᠩᠭᠠᠵᠤ ᠪᠤᠢ᠃ ᠦᠪᠦᠷ ᠮᠤᠩᠭᠤᠯ | ᠤᠨ ᠡᠨᠧᠷᠬᠢ ᠶᠢᠨ ᠰᠤᠷᠪᠤᠯᠵᠢ ᠶᠢᠨ ᠬᠢᠵᠠᠭᠠᠷᠳᠤ ᠺᠤᠮᠫᠠᠨᠢ ᠶᠢᠨ 100 ᠲᠦᠮᠡᠨ ᠺᠢᠯᠣᠸᠠᠲ ᠤᠨ ᠰᠠᠯᠬᠢᠨ ᠨᠦᠬᠡᠴᠡ | ᠶᠢᠨ ᠲᠥᠷᠥᠯ ᠵᠦᠢᠯ ᠨᠢ 7 ᠡᠳᠦᠷ ᠤᠨ ᠳᠤᠳᠤᠷ᠎ᠠ 65 ᠭᠡᠰᠡᠭ ᠨᠤᠳᠤᠭ ᠪᠡᠯᠴᠢᠭᠡᠷ ᠤᠨ ᠳᠠᠳᠠᠪᠤᠷᠢᠯᠠᠯᠳᠠ ᠶᠢ | ᠪᠡᠶᠡᠯᠡᠬᠦᠯᠵᠦ᠂ ᠬᠢᠨᠠᠨ ᠵᠦᠪᠰᠢᠶᠡᠷᠡᠯ ᠤᠯᠤᠭᠰᠠᠨ ᠤ ᠳᠠᠷᠠᠭ᠎ᠠ ᠬᠤᠶᠠᠷ ᠰᠠᠷ᠎ᠠ ᠶᠢᠨ ᠳᠤᠳᠤᠷ᠎ᠠ ᠪᠦᠲᠦᠭᠡᠨ | ᠪᠠᠶᠢᠭᠤᠯᠤᠯᠳᠠ ᠪᠠᠨ ᠡᠬᠢᠯᠡᠬᠦᠯᠵᠦ᠂ ᠤᠳᠤ ᠪᠤᠯᠬᠤ ᠳᠤ ᠪᠦᠲᠦᠭᠡᠨ ᠪᠠᠶᠢᠭᠤᠯᠤᠯᠳᠠ ᠶᠢᠨ ᠠᠬᠢᠴᠠ ᠶᠢᠨ ᠨᠤᠷᠮ᠎ᠠ 65 | % ᠶᠢ ᠨᠢᠭᠡᠨᠳᠡ ᠪᠡᠶᠡᠯᠡᠬᠦᠯᠦᠭᠡᠳ ᠪᠤᠢ᠃ | ᠲᠦᠷᠦᠭᠦᠬᠡᠨ᠂ ᠰᠤᠷᠪᠤᠯᠵᠢᠯᠠᠭᠴᠢ ᠦᠪᠦᠷ ᠮᠤᠩᠭᠤᠯ ᠤᠨ ᠡᠨᠧᠷᠬᠢ ᠶᠢᠨ ᠰᠤᠷᠪᠤᠯᠵᠢ ᠶᠢᠨ ᠬᠢᠵᠠᠭᠠᠷᠳᠤ | ᠺᠤᠮᠫᠠᠨᠢ ᠶᠢᠨ 100 ᠲᠦᠮᠡᠨ ᠺᠢᠯᠣᠸᠠᠲ ᠤᠨ ᠰᠠᠯᠬᠢᠨ ᠨᠦᠬᠡᠴᠡ ᠶᠢᠨ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ | ᠲᠤ ᠬᠦᠷᠬᠦ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠤ ᠳᠠᠯᠠᠪᠠᠢ ᠪᠠ ᠬᠦᠴᠦᠳᠡᠯ | ᠳᠡᠭᠡᠭᠰᠢᠯᠡᠬᠦᠯᠬᠦ ᠦᠷᠳᠡᠭᠡᠨ ᠳᠤ᠂ ᠠᠵᠢᠯᠴᠢᠳ ᠰᠠᠯᠬᠢᠨ ᠴᠠᠬᠢᠯᠭᠠᠨ ᠤ ᠮᠠᠰᠢᠨ ᠳᠡᠭᠦᠵᠢᠯᠡᠨ ᠤᠭᠰᠠᠷᠠᠬᠤ ᠪᠠ | ᠬᠦᠴᠦᠳᠡᠯ ᠳᠡᠭᠡᠭᠰᠢᠯᠡᠬᠦᠯᠯᠬᠦ ᠦᠷᠳᠡᠭᠡᠨ ᠤ ᠠᠯᠪᠠᠨ ᠠᠰᠠᠷ ᠢ ᠵᠠᠰᠠᠵᠤ ᠴᠢᠮᠡᠭᠯᠡᠬᠦ ᠪᠠ ᠲᠥᠬᠦᠭᠡᠷᠦᠮᠵᠢ ᠤᠭᠰᠠᠷᠠᠬᠤ | ᠠᠵᠢᠯ ᠳᠤ ᠶᠠᠭᠠᠷᠠᠵᠤ᠂ ᠡᠯ᠎ᠡ ᠵᠦᠶᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠡᠮᠬᠢ ᠴᠡᠭᠴᠡ ᠲᠠᠢ ᠶᠠᠪᠤᠭᠳᠠᠵᠤ | ᠪᠠᠶᠢᠯ᠎ᠠ᠃ | ᠣᠳᠣᠬᠠᠨ ᠪᠣᠯᠲᠠᠯ᠎ᠠ᠂ ᠬᠦᠴᠦᠳᠡᠯ ᠳᠡᠭᠡᠭᠰᠢᠯᠡᠬᠦᠯᠬᠦ ᠥᠷᠲᠡᠭᠡᠨ ᠤ ᠠᠯᠪᠠᠨ ᠠᠰᠠᠷ᠂ ᠦᠶᠯᠡᠴᠢᠯᠡᠭᠡᠨ ᠤ ᠠᠰᠠᠷ | ᠢ ᠨᠢᠭᠡᠨᠲᠡ ᠪᠠᠷᠢᠵᠤ ᠳᠠᠭᠤᠰᠬᠠᠨ᠂ ᠵᠠᠰᠠᠵᠤ ᠴᠢᠮᠡᠭᠯᠡᠬᠦ ᠱᠠᠲᠤᠨ ᠳᠤ ᠣᠷᠣᠵᠤ᠂ ᠵᠢᠱᠢᠯᠲᠡ ᠪᠠᠷ 11 ᠰᠠᠷ᠎ᠠ ᠶᠢᠨ | ᠡᠬᠢ ᠪᠠᠷ ᠠᠰᠢᠭᠯᠠᠯᠲᠠ ᠳᠤ ᠣᠷᠣᠭᠤᠯᠬᠤ ᠨᠦᠬᠦᠴᠡᠯ ᠳᠤ ᠬᠦᠷᠬᠦ ᠪᠣᠯᠤᠨ᠎ᠠ᠃ ᠬᠦᠴᠦᠳᠡᠯ ᠳᠡᠭᠡᠭᠰᠢᠯᠡᠭᠦᠯᠬᠦ | ᠥᠷᠲᠡᠭᠡᠨ ᠤ ᠴᠠᠬᠢᠯᠭᠠᠨ ᠤᠭᠰᠠᠷᠠᠬᠤ ᠪᠠᠷᠢᠯᠭ᠎ᠠ ᠨᠢᠭᠡᠨᠲᠡ ᠭᠤᠤᠯ ᠬᠦᠴᠦᠳᠡᠯ ᠥᠭᠡᠷᠡᠴᠢᠯᠡᠭᠴᠢ᠂ ᠨᠢᠭᠡ | ᠬᠤᠶᠠᠳᠤᠭᠠᠷ ᠤᠳᠠᠭᠠᠨ ᠤ ᠲᠥᠬᠦᠭᠡᠷᠦᠮᠵᠢ ᠶᠢᠨ ᠬᠥᠮᠥᠷᠭᠡ᠂ SVG ᠲᠥᠬᠦᠭᠡᠷᠦᠮᠵᠢ᠂ 220KV ᠶᠢᠨ | ᠪᠦᠲᠦᠴᠡ ᠤᠭᠰᠠᠷᠠᠬᠤ ᠱᠠᠲᠤᠨ ᠳᠤ ᠣᠷᠣᠵᠤ᠂ ᠵᠢᠱᠢᠯᠲᠡ ᠪᠠᠷ 11 ᠰᠠᠷ᠎ᠠ ᠶᠢᠨ 16 ᠤ ᠡᠳᠦᠷ ᠴᠠᠬᠢᠯᠭᠠᠨ | ᠬᠦᠷᠭᠡᠬᠦ ᠨᠥᠬᠦᠴᠡᠯ ᠢ ᠪᠦᠷᠢᠯᠳᠦᠬᠦᠯᠬᠦ ᠪᠤᠯᠤᠨ᠎ᠠ᠃ 100 ᠬᠡᠰᠡᠭ ᠰᠠᠯᠬᠢᠨ ᠬᠦᠴᠦᠨ ᠤ ᠮᠠᠰᠢᠨ ᠤ ᠰᠠᠭᠤᠷᠢ ᠨᠦᠬᠡ | ᠶᠢ ᠪᠧᠲ᠋ᠤᠨ ᠢᠶᠠᠷ ᠴᠢᠳᠬᠤᠬᠤ ᠶᠢ ᠨᠢᠭᠡᠨᠳᠡ ᠪᠦᠬᠦᠨ ᠢ ᠪᠡᠶᠡᠯᠡᠭᠦᠯᠵᠦ᠂ ᠤᠳᠤᠬᠠᠨ ᠳᠤ ᠰᠠᠯᠬᠢᠨ ᠬᠦᠴᠦᠨ ᠤ | ᠮᠠᠰᠢᠨ ᠢ ᠳᠡᠭᠦᠵᠢᠯᠡᠨ ᠤᠭᠰᠠᠷᠠᠬᠤ ᠱᠠᠲᠤᠨ ᠳᠤ ᠣᠷᠣᠵᠤ᠂ ᠪᠦᠬᠦᠯᠢ ᠮᠠᠰᠢᠨ ᠨᠢᠭᠡᠨᠳᠡ 4 ᠶᠢ ᠳᠡᠬᠦᠵᠢᠯᠡᠨ | ᠤᠭᠰᠠᠷᠠᠭᠠᠳ ᠪᠤᠢ᠃ | ᠦᠪᠦᠷ ᠮᠤᠩᠭᠤᠯ ᠤᠨ ᠡᠨᠧᠷᠬᠢ ᠶᠢᠨ ᠰᠤᠷᠪᠤᠯᠵᠢ ᠶᠢᠨ ᠬᠢᠵᠠᠭᠠᠷᠳᠤ ᠺᠤᠮᠫᠠᠨᠢ ᠶᠢᠨ 100 ᠲᠦᠮᠡᠨ ᠺᠢᠯᠣᠸᠠᠲ | ᠤᠨ ᠰᠠᠯᠬᠢᠨ ᠨᠦᠬᠡᠴᠡ ᠶᠢᠨ ᠲᠥᠷᠥᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠳᠠᠯᠭ᠎ᠠ ᠲᠠᠢ | ᠢᠨᠵᠧᠨᠧᠷᠢᠩ ᠪᠣᠯᠬᠤ ᠮᠦᠷᠳᠡᠭᠡᠨ ᠮᠠᠨ ᠤ ᠬᠤᠰᠢᠭᠤᠨ ᠤ ᠠᠩᠬᠠᠳᠠᠭᠴᠢ ᠵᠠᠭᠤᠨ ᠲᠦᠮᠡᠨ ᠺᠢᠯᠣᠸᠠᠲ ᠲᠠᠰ ᠤᠨ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠪᠣᠯᠤᠨ᠎ᠠ᠃ ᠢᠨᠵᠧᠨᠧᠷᠢᠩ ᠨᠢ ᠮᠠᠨ ᠤ ᠤᠯᠤᠰ ᠤᠨ | ᠪᠡᠶ᠎ᠡ ᠪᠠᠨ ᠳᠠᠭᠠᠭᠠᠵᠤ ᠰᠤᠳᠤᠯᠤᠨ ᠦᠶᠯᠡᠳᠦᠭᠰᠡᠨ ᠪᠥᠬᠦ ᠪᠥᠮᠪᠥᠷᠴᠡᠭ ᠤᠨ ᠲᠠᠩ ᠮᠠᠰᠢᠨ ᠤ ᠪᠠᠭᠲᠠᠭᠠᠮᠵᠢ ᠪᠠᠷ | ᠬᠠᠮᠤᠭ ᠤᠨ ᠶᠡᠭᠡ᠂ ᠬᠦᠷᠳᠦᠨ ᠤ ᠳ᠋ᠢᠶᠠᠮᠧᠲᠷ ᠢᠶᠠᠷ ᠬᠠᠮᠤᠭ ᠤᠨ ᠶᠡᠭᠡ ᠬᠠᠭᠤᠷᠠᠶ ᠳᠡᠭᠡᠷᠡᠬᠢ ᠰᠠᠯᠬᠢᠨ ᠬᠦᠴᠦᠨ ᠤ | ᠴᠠᠬᠢᠯᠭᠠᠨ ᠤ ᠮᠠᠰᠢᠨ ᠴᠣᠭᠴᠠᠯᠠᠪᠤᠷᠢ ᠢ ᠭᠡᠷᠡᠭᠯᠡᠵᠦ᠂ ᠮᠠᠰᠢᠨ ᠴᠣᠭᠴᠠᠯᠠᠪᠤᠷᠢ ᠶᠢᠨ ᠰᠠᠯᠬᠢᠨ ᠬᠦᠴᠦᠨ ᠤ ᠬᠦᠷᠳᠦᠨ ᠤ | ᠳ᠋ᠢᠶᠠᠮᠧᠲᠷ ᠨᠢ 232 ᠮᠧᠲᠷ᠂ ᠪᠣᠯᠣᠳ ᠰᠤᠪᠤᠷᠭ᠎ᠠ ᠶᠢᠨ ᠪᠥᠬᠦ ᠥᠨᠳᠥᠷ ᠨᠢ 125 m᠂ ᠰᠠᠯᠬᠢ ᠰᠢᠷᠪᠢᠬᠦ | ᠲᠠᠯᠠᠪᠠᠶ ᠨᠢ 3.6 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 5 ᠪᠠᠷᠢᠮᠵᠢᠶᠠᠲᠤ ᠬᠥᠯ ᠪᠥᠮᠪᠦᠭᠡ ᠶᠢᠨ ᠲᠠᠯᠠᠪᠠᠶ | ᠲᠠᠢ ᠲᠡᠩᠴᠡᠵᠦ᠂ ᠣᠳᠣᠬᠠᠨ ᠤ ᠤᠯᠤᠰ ᠤᠨ ᠳᠣᠲᠣᠭᠠᠳᠤ ᠶᠢᠨ ᠬᠠᠮᠤᠭ ᠤᠨ ᠶᠡᠭᠡ ᠲᠠᠩ ᠮᠠᠰᠢᠨ ᠤ ᠪᠠᠭᠲᠠᠭᠠᠮᠵᠢ | ᠲᠠᠢ ᠬᠠᠭᠤᠷᠠᠶ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠪᠣᠯᠤᠨ᠎ᠠ᠃ ᠲᠥᠷᠥᠯ | ᠵᠦᠶᠯ ᠪᠠᠶᠢᠭᠤᠯᠤᠭᠳᠠᠵᠤ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠵᠢᠯ ᠳᠤ ᠳᠤᠮᠳᠠᠴᠢ ᠪᠠᠷ 29.6 | ᠳ᠋ᠦᠩᠰᠢᠭᠤᠷ ᠺᠢᠯᠣᠸᠠᠲ ᠴᠠᠬᠢᠯᠭᠠᠨ ᠭᠠᠷᠭᠠᠵᠤ᠂ ᠳᠤᠮᠳᠠᠴᠢ ᠪᠠᠷ 3037 ᠴᠠᠭ ᠤᠨ ᠳᠠᠭᠠᠭᠠᠴᠠ ᠳᠤ ᠬᠦᠷᠴᠦ᠂ | ᠵᠢᠯ ᠪᠦᠷᠢ ᠪᠠᠷᠤᠭ 90 ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢ ᠠᠷᠪᠢᠯᠠᠵᠤ᠂ ᠡᠬᠢ ᠪᠠᠶᠠᠯᠢᠭ ᠢ ᠠᠷᠪᠢᠯᠠᠬᠤ᠂ | ᠠᠷᠢᠭᠤᠨ ᠴᠡᠪᠡᠷ᠂ ᠠᠮᠤᠷ ᠲᠦᠪᠰᠢᠨ᠂ ᠥᠨᠳᠥᠷ ᠪᠦᠲᠦᠮᠵᠢᠲᠡᠶ ᠪᠠ ᠪᠣᠬᠢᠷᠲᠤᠯ ᠥᠬᠡᠶ ᠦᠷᠬᠦᠯᠵᠢᠯᠡᠬᠦᠶᠢᠴᠡ | ᠬᠥᠭᠵᠢᠯᠲᠡ ᠶᠢ ᠦᠨᠡᠨ ᠬᠦ ᠪᠡᠶᠡᠯᠡᠭᠦᠯᠵᠦ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ᠂ ᠬᠥᠳᠡᠭᠡ | ᠲᠣᠰᠬᠤᠨ ᠤ ᠬᠦᠭᠵᠢᠯ ᠮᠠᠨᠳᠤᠯ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠲᠥᠷᠥᠯ ᠵᠦᠶᠯ ᠨᠢ 2024 ᠣᠨ ᠤ 5 ᠳ᠋ᠤᠭᠠᠷ ᠰᠠᠷ᠎ᠠ ᠶᠢᠨ 18 ᠤ ᠡᠳᠦᠷ ᠠᠵᠢᠯ ᠢᠶᠠᠨ ᠡᠬᠢᠯᠡᠭᠦᠯᠵᠦ᠂ | 2024 ᠣᠨ ᠤ 12 ᠳ᠋ᠤᠭᠠᠷ ᠰᠠᠷ᠎ᠠ ᠶᠢᠨ 30 ᠤ ᠡᠳᠦᠷ ᠠᠴᠠ ᠡᠬᠢᠯᠡᠨ ᠪᠦᠷᠢᠨ ᠪᠠᠭᠲᠠᠭᠠᠮᠵᠢ ᠪᠠᠷ ᠲᠣᠤᠷ ᠲᠤ | ᠨᠡᠶᠢᠯᠡᠭᠦᠯᠦᠨ ᠴᠠᠬᠢᠯᠭᠠᠨ ᠭᠠᠷᠭᠠᠬᠤ ᠪᠠᠷ ᠲᠥᠯᠥᠪᠯᠡᠵᠦ ᠪᠠᠶᠢᠨ᠎ᠠ᠃ ᠪᠠᠶᠢᠭᠤᠯᠵᠤ ᠳᠠᠭᠤᠰᠤᠭᠰᠠᠨ ᠤ ᠳᠠᠷᠠᠭ᠎ᠠ ᠮᠠᠨ ᠤ | ᠬᠤᠰᠢᠭᠤᠨ ᠤ ᠪᠣᠬᠢᠷᠲᠤᠯ ᠥᠬᠡᠶ ᠬᠥᠭᠵᠢᠯᠲᠡ ᠪᠠ ᠡᠨᠧᠷᠭᠢ ᠶᠢᠨ ᠪᠣᠬᠢᠷᠲᠤᠯ ᠥᠬᠡᠶ ᠬᠡᠯᠪᠡᠷᠢ ᠶᠢᠨ | ᠬᠤᠪᠢᠷᠠᠭᠤᠯᠤᠯᠲᠠ ᠶᠢ ᠬᠦᠴᠦᠲᠡᠶ ᠠᠬᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ | ᠡᠬᠢ ᠪᠠᠶᠠᠯᠢᠭ ᠤᠨ ᠰᠠᠭᠤᠷᠢᠨ ᠭᠠᠵᠠᠷ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠬᠥᠳᠡᠯᠭᠡᠬᠦ ᠬᠦᠴᠦᠨ | ᠨᠡᠮᠡᠷᠢᠯᠡᠬᠦ ᠪᠣᠯᠤᠨ᠎ᠠ᠃ ᠮᠠᠨ ᠤ ᠬᠤᠰᠢᠭᠤ ᠰᠢᠨ᠎ᠡ ᠡᠨᠧᠷᠭᠢ ᠶᠢᠨ ᠠᠵᠤ ᠦᠶᠯᠡᠰ ᠤᠨ ᠲᠥᠷᠥᠯ ᠵᠦᠶᠯ ᠤᠨ | ᠪᠥᠲᠥᠭᠡᠨ ᠪᠠᠶᠢᠭᠤᠯᠤᠯᠲᠠ ᠶᠢᠨ ᠠᠯᠬᠤᠭ᠎ᠠ ᠶᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠶᠯᠡᠰ ᠢ | ︽ᠲᠦᠷᠭᠡᠨ ᠵᠠᠮ︾ ᠳᠤ ᠣᠷᠣᠭᠤᠯᠬᠤ ᠪᠠᠷ ᠳᠠᠰᠤᠷᠠᠯᠳᠠ ᠦᠬᠡᠢ ᠴᠢᠷᠮᠠᠶᠢᠵᠤ ᠪᠣᠶ᠃ |