ᠮᠠᠨ ᠤ ᠬᠤᠰᠢᠭᠤ ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/10/26
     ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠴᠢᠨᠠᠷ ᠰᠠᠶᠢᠲᠠᠢ ᠬᠥᠭᠵᠢᠯᠲᠡ ᠶᠢᠨ ᠵᠠᠩᠭᠢᠯᠠᠭ᠎ᠠ᠂ ᠨᠥᠭᠡᠴᠡ ᠬᠦᠴᠦᠨ ᠪᠣᠯᠤᠨ᠎ᠠ᠃ ᠤᠶᠢᠷ᠎ᠠ ᠶᠢᠨ ᠬᠤᠭᠤᠴᠠᠭᠠᠨ ᠳᠤ ᠴᠠᠭ ᠠᠭᠠᠷ ᠬᠦᠢᠳᠡᠷᠡᠬᠦ ᠶᠢ ᠳᠠᠭᠠᠯᠳᠤᠨ᠂ ᠮᠠᠨ ᠤ ᠬᠤᠰᠢᠭᠤ ᠭᠤᠣᠯᠳᠠᠯᠭ᠎ᠠ ᠲᠠᠢ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠷᠢᠯᠭ᠎ᠠ ᠶᠢᠨ ᠠᠬᠢᠴᠠ ᠪᠠ ᠶᠠᠰᠤ ᠴᠢᠨᠠᠷ ᠤᠨ ᠬᠤᠣᠰ ᠳᠡᠭᠡᠭᠰᠢᠯᠡᠯᠲᠡ ᠶᠢ ᠪᠦᠬᠦ ᠬᠦᠴᠦᠨ ᠢᠶᠠᠷ ᠢᠶᠠᠨ ᠪᠠᠳᠤᠯᠠᠵᠤ ᠪᠠᠶᠢᠨ᠎ᠠ᠃      ᠰᠢᠨ ᠮᠧᠩ ᠰᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ 46.5 ᠲᠦᠮᠡᠨ ᠲᠣᠨ ᠤ ᠲᠡᠮᠤᠷ ᠤᠨ ᠬᠠᠶᠢᠯᠤᠰᠢ ᠶᠢᠨ ᠴᠢᠨᠠᠷ ᠰᠠᠶᠢᠲᠠᠢ ᠬᠥᠭᠵᠢᠯᠲᠡ ᠶᠢᠨ ᠡᠷᠬᠢᠯᠳᠡᠳᠤ ᠠᠵᠤ ᠠᠬᠤᠢ ᠶᠢᠨ ᠲᠦᠷᠦᠯ ᠵᠦᠢᠯ ᠤᠨ ᠪᠠᠷᠢᠯᠭ᠎ᠠ  ᠶᠢᠨ ᠲᠤᠬᠠᠢ ᠶᠢᠨ ᠲᠠᠯᠠᠪᠠᠢ ᠳᠤ᠂ ᠡᠯ᠎ᠡ ᠲᠦᠷᠦᠯ ᠤᠨ ᠮᠠᠰᠢᠨ ᠲᠥᠬᠦᠭᠡᠷᠦᠮᠵᠢ ᠬᠦᠷᠴᠢᠭᠢᠨᠡᠨ᠂ ᠮᠠᠰᠢᠨ ᠲᠡᠷᠭᠡ ᠰᠦᠯᠵᠢᠯᠳᠦᠵᠦ᠂ ᠠᠵᠢᠯᠴᠢᠳ ᠶᠠᠭᠠᠷᠠᠯᠳᠠᠢ ᠠᠵᠢᠯᠯᠠᠵᠤ ᠪᠠᠶᠢᠯ᠎ᠠ᠃ ᠲᠥᠷᠥᠯ ᠵᠦᠶᠯ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ᠂ ᠲᠣᠰ ᠲᠥᠷᠥᠯ ᠵᠦᠶᠯ ᠨᠢ ᠶᠡᠷᠦᠩᠬᠡᠶ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠭᠤᠷᠪᠠᠨ ᠤ ᠬᠤᠶᠠᠷ ᠬᠤᠪᠢ ᠶᠢ ᠨᠢᠭᠡᠨᠲᠡ ᠪᠡᠶᠡᠯᠡᠭᠦᠯᠵᠦ᠂ ᠣᠶᠢᠷ᠎ᠠ ᠶᠢᠨ ᠬᠤᠭᠤᠴᠠᠭᠠᠨ ᠳᠤ ᠰᠢᠪᠠᠷ ᠰᠢᠷᠣᠶ ᠶᠢᠨ ᠪᠠᠷᠢᠯᠭ᠎ᠠ ᠶᠢᠨ ᠠᠵᠢᠯ ᠰᠢᠪᠳᠤᠷᠭᠠᠨ ᠳᠤ ᠪᠠᠨ ᠤᠷᠤᠭᠠᠳ ᠪᠠᠶᠢᠨ᠎ᠠ᠃      ᠰᠢᠨ ᠮᠧᠩ ᠰᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ 46.5 ᠲᠦᠮᠡᠨ ᠲᠣᠨ ᠤ ᠲᠡᠮᠦᠷ ᠤᠨ ᠬᠠᠶᠢᠯᠤᠰᠢ ᠶᠢᠨ ᠴᠢᠨᠠᠷ ᠰᠠᠶᠢᠲᠠᠶ ᠬᠥᠭᠵᠢᠯᠲᠡ ᠶᠢᠨ ᠡᠷᠬᠢᠯᠳᠡᠳᠦ ᠠᠵᠤ ᠠᠬᠤᠶ ᠶᠢᠨ ᠲᠥᠷᠥᠯ ᠵᠦᠶᠯ ᠳᠤ ᠭᠤᠤᠯᠳᠠᠭᠤ 3 ᠰᠠᠤᠷᠢ 66000 KVA ᠪᠦᠷᠢᠨ ᠪᠢᠲᠡᠭᠦᠮᠵᠢᠲᠦ ᠠᠭᠤᠷᠬᠠᠶ ᠶᠢᠨ ᠢᠯᠴᠢ ᠶᠢᠨ ᠴᠠᠬᠢᠯᠭᠠᠨ ᠵᠤᠤᠬ᠎ᠠ ᠪᠠᠷ ᠮᠠᠩᠭᠠᠨ ᠴᠠᠬᠢᠭᠤᠷ ᠤᠨ ᠬᠠᠶᠢᠯᠤᠰᠢ ᠦᠶᠯᠡᠳᠪᠦᠷᠢᠯᠡᠵᠦ᠂ 1 ᠰᠠᠤᠷᠢ 48000 KVA ᠪᠦᠷᠢᠨ ᠪᠢᠲᠡᠭᠦᠮᠵᠢᠲᠦ ᠠᠭᠤᠷᠬᠠᠶ ᠶᠢᠨ ᠢᠯᠴᠢ ᠶᠢᠨ ᠴᠠᠬᠢᠯᠭᠠᠨ ᠵᠤᠤᠬ᠎ᠠ ᠪᠠᠷ ᠥᠨᠳᠥᠷ ᠨᠡᠭᠦᠷᠡᠰᠦᠲᠥ᠋ᠷᠥᠭᠴᠢᠲᠦ ᠮᠠᠩᠭᠠᠨ ᠲᠡᠮᠦᠷ ᠦᠶᠯᠡᠳᠪᠦᠷᠢᠯᠡᠵᠦ᠂ 1 ᠰᠠᠤᠷᠢ 10000 KVA ᠨᠠᠷᠢᠯᠢᠭ ᠪᠣᠯᠪᠠᠰᠤᠷᠠᠭᠤᠯᠬᠤ ᠵᠤᠤᠬ᠎ᠠ ᠪᠠᠷ ᠳᠤᠮᠳᠠ ᠳᠣᠤᠷ᠎ᠠ ᠨᠡᠭᠦᠷᠡᠰᠦᠲᠥ᠋ᠷᠥᠭᠴᠢᠲᠦ ᠮᠠᠩᠭᠠᠨ ᠲᠡᠮᠦᠷ ᠦᠶᠯᠡᠳᠪᠦᠷᠢᠯᠡᠵᠦ᠂ 30 ᠲᠦᠮᠡᠨ ᠲᠣᠨ ᠤ ᠣᠷᠭᠠᠨᠢᠭ ᠪᠤᠰᠤ ᠰᠢᠷᠬᠡᠭᠯᠢᠭ ᠦᠶᠯᠡᠳᠪᠦᠷᠢᠯᠡᠯ ᠤᠨ ᠱᠤᠭᠤᠮ ᠳᠤ 10 ᠵᠤᠷᠪᠤᠰ ᠮᠠᠩᠭᠠᠨ ᠴᠠᠬᠢᠭᠤᠷ ᠤᠨ ᠠᠭᠤᠷᠬᠠᠶ ᠶᠢᠨ ᠢᠯᠴᠢ ᠶᠢᠨ ᠵᠤᠤᠬ᠎ᠠ ᠶᠢᠨ ᠰᠢᠭᠠᠷᠤ ᠶᠢ ᠲᠥᠬᠦᠷᠵᠢᠭᠦᠯᠦᠨ ᠶᠡᠷᠦᠩᠬᠡᠶᠢᠯᠡᠨ ᠰᠢᠶᠳᠪᠦᠷᠢᠯᠡᠬᠦ ᠦᠶᠯᠡᠳᠪᠦᠷᠢᠯᠡᠯ ᠤᠨ ᠱᠤᠭᠤᠮ᠂ ᠠᠭᠤᠷᠬᠠᠢ ᠶᠢᠨ ᠢᠯᠴᠢᠲᠦ ᠵᠤᠤᠬ᠎ᠠ ᠶᠢᠨ ᠨᠡᠭᠦᠷᠡᠰᠦᠨ ᠬᠡᠢ ᠶᠢᠨ ᠳᠣᠲᠣᠭᠠᠳᠤ ᠰᠢᠲᠠᠯᠲᠠ ᠶᠢᠨ ᠮᠠᠰᠢᠨ ᠢᠶᠠᠷ ᠴᠠᠬᠢᠯᠭᠠᠨ ᠭᠠᠷᠭᠠᠬᠤ᠂ ᠦᠯᠡᠳᠡᠪᠦᠷᠢ ᠢᠯᠴᠢ ᠶᠢ ᠡᠭᠡᠭᠦᠯᠦᠨ ᠬᠤᠷᠢᠶᠠᠬᠤ ᠵᠢᠴᠢ ᠪᠤᠰᠤᠳ ᠢᠵᠢ ᠪᠦᠷᠢᠳᠦᠭᠰᠡᠨ ᠣᠯᠠᠨ ᠨᠡᠶᠢᠲᠡ ᠶᠢᠨ ᠲᠤᠰᠠᠯᠠᠬᠤ ᠲᠦᠭᠦᠭᠡᠷᠦᠮᠵᠢ ᠵᠡᠷᠭᠡ ᠪᠤᠢ᠃      ᠲᠥᠷᠥᠯ ᠵᠦᠶᠯ ᠭᠡᠷᠡᠭᠵᠢᠬᠦᠯᠦᠭᠳᠡᠭᠰᠡᠨ ᠤ ᠳᠠᠷᠠᠭ᠎ᠠ᠂ ᠵᠢᠯ ᠳᠤ 13.5 ᠲᠦᠮᠡᠨ ᠲᠣᠨ ᠳᠡᠭᠡᠳᠦ ᠨᠡᠭᠦᠷᠡᠰᠦᠲᠥ᠋ᠷᠥᠭᠴᠢᠲᠦ ᠮᠠᠩᠭᠠᠨ ᠲᠡᠮᠦᠷ᠂ 33 ᠲᠦᠮᠡᠨ ᠲᠣᠨ ᠳᠡᠭᠡᠳᠦ ᠨᠡᠭᠦᠷᠡᠰᠦᠲᠥ᠋ᠷᠥᠭᠴᠢᠲᠦ ᠴᠠᠬᠢᠭᠤᠷᠲᠤ ᠬᠠᠶᠢᠯᠤᠰᠢ᠂ 6 ᠲᠦᠮᠡᠨ ᠲᠣᠨ ᠳᠤᠮᠳᠠ ᠳᠣᠤᠷ᠎ᠠ ᠨᠡᠭᠦᠷᠡᠰᠦᠲᠥ᠋ᠷᠥᠭᠴᠢᠲᠦ ᠮᠠᠩᠭᠠᠨ ᠲᠡᠮᠦᠷ᠂ 30 ᠲᠦᠮᠡᠨ ᠲᠣᠨ ᠬᠡᠲᠦ ᠨᠠᠷᠢᠯᠢᠭ ᠣᠷᠭᠠᠨᠢᠭ ᠪᠤᠰᠤ ᠰᠢᠷᠬᠡᠭᠯᠢᠭ ᠵᠢᠴᠢ ᠪᠦᠲᠦᠭᠡᠭᠳᠡᠬᠦᠨ ᠦᠶᠯᠡᠳᠪᠦᠷᠢᠯᠡᠵᠦ᠂ ᠲᠥᠷᠥᠯ ᠵᠦᠢᠯ ᠠᠰᠢᠭᠯᠠᠯᠲᠠ ᠳᠤ ᠤᠷᠤᠭᠰᠠᠨ ᠤ ᠳᠠᠷᠠᠭ᠎ᠠ᠂ 500 ᠬᠥᠮᠦᠨ ᠢ ᠲᠥᠪᠬᠢᠨᠡᠭᠦᠯᠦᠨ ᠠᠵᠢᠯ ᠣᠯᠭᠤᠵᠤ᠂ ᠳᠡᠭᠡᠭᠰᠢ ᠡᠯ᠎ᠡ ᠵᠦᠢᠯ ᠤᠨ ᠠᠰᠢᠭ ᠭᠠᠶᠢᠯᠢ ᠶᠢ 12995.25 ᠲᠦᠮᠡᠨ ᠲᠥᠭᠦᠷᠢᠭ ᠲᠤᠰᠢᠶᠠᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ 389550 ᠲᠦᠮᠡᠨ ᠲᠥᠭᠦᠷᠢᠭ ᠲᠤ ᠬᠦᠷᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号