ᠬᠤᠳᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠤᠯᠤᠰ ᠤᠨ ᠪᠠᠶᠠᠷ ᠤᠨ ᠠᠮᠠᠷᠠᠯᠳᠠ ᠪᠠᠷ ᠬᠤᠳᠠ ᠶᠢᠨ ᠲᠦᠷᠢ ᠳᠦᠷᠬᠦ ᠶᠢ ᠪᠠᠳᠤᠯᠠᠨ᠎ᠠ
ᠨᠡᠶᠢᠲᠡᠯᠡᠭᠰᠡᠨ ᠴᠠᠭ᠄
2024/10/3
     ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠪᠣᠯᠤᠨ᠎ᠠ᠂ ᠡᠶ᠎ᠡ ᠨᠠᠶᠢᠷᠠᠮᠳᠠᠭᠤ ᠤᠯᠤᠰ ᠤᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠢ ᠪᠣᠯᠭᠠᠬᠤ ᠶᠢᠨ ᠲᠥᠯᠥᠭᠡ᠂ ᠮᠠᠨ ᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢᠭᠡᠳᠦᠯᠲᠠᠢ ᠲᠦᠯᠦᠪᠵᠢᠬᠦᠯᠦᠨ ᠪᠠᠶᠢᠷᠢᠯᠠᠭᠤᠯᠵᠦ᠂ ᠤᠯᠤᠰ ᠤᠨ ᠪᠠᠶᠠᠷ ᠤᠨ ᠠᠮᠠᠷᠠᠯᠳᠠ ᠎ ᠶᠢᠨ ᠬᠤᠭᠤᠴᠠᠭᠠᠨ ᠳᠠᠬᠢ ᠬᠤᠳᠠ ᠶᠢᠨ ᠠᠷᠢᠭᠤᠨ ᠴᠡᠪᠡᠷ ᠡᠮᠬᠢ ᠵᠢᠷᠤᠮ ᠲᠠᠢ ᠪᠠᠶᠢᠬᠤ ᠶᠢ ᠪᠠᠳᠤᠯᠠᠨ᠎ᠠ᠃      ᠬᠠᠤᠯᠢ ᠬᠡᠷᠡᠭᠵᠢᠬᠦᠯᠦᠭᠴᠢᠳ ᠬᠠᠤᠯᠢ ᠬᠡᠷᠡᠭᠵᠢᠭᠦᠯᠬᠦ ᠶᠠᠪᠤᠴᠠ ᠶᠢ ᠴᠢᠩᠭ᠎ᠠ ᠵᠢᠷᠤᠮᠯᠠᠨ᠂ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠴᠡᠭᠴᠡᠯᠡᠨ ᠵᠠᠰᠠᠬᠤ ᠪᠠ ᠲᠥᠪᠯᠡᠷᠡᠭᠦᠯᠦᠨ ᠵᠠᠰᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠬᠤ ᠪᠠᠷ ᠳᠠᠮᠵᠢᠭᠤᠯᠤᠨ᠂ ᠭᠤᠣᠯᠳᠠᠯᠭ᠎ᠠ ᠲᠠᠢ ᠣᠷᠣᠨ ᠪᠦᠰᠡ᠂ ᠴᠢᠬᠤᠯᠠ ᠵᠠᠮ ᠤᠨ ᠬᠡᠰᠡᠭ᠂ ᠭᠤᠣᠯᠯᠠᠬᠤ ᠬᠤᠳᠠᠯᠳᠤᠭᠠᠨ ᠤ ᠲᠣᠭᠤᠷᠢᠭ ᠢ ᠢᠯᠭᠠᠷᠠᠭᠤᠯᠤᠨ ᠴᠡᠭᠴᠡᠯᠡᠨ ᠵᠠᠰᠠᠬᠤ ᠪᠠ ᠵᠢᠷᠤᠮᠵᠢᠭᠤᠯᠤᠨ ᠬᠥᠲᠥᠯᠥᠨ ᠵᠢᠯᠤᠭᠤᠳᠴᠦ᠂ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ᠂ ᠳᠡᠯᠭᠡᠭᠦᠷ ᠤᠨ ᠭᠠᠳᠠᠨ᠎ᠠ ᠡᠵᠡᠩᠨᠡᠬᠦ᠂ ᠨᠡᠭᠦᠳᠡᠯ ᠳᠡᠯᠭᠡᠭᠡ ᠮᠠᠶᠢᠮᠠᠢ᠂ ᠭᠡᠷ ᠤᠨ ᠭᠠᠳᠠᠨᠠᠬᠢ ᠵᠠᠷ ᠮᠡᠳᠡᠭᠡ ᠶᠢᠨ ᠤᠬᠠᠭᠤᠯᠭ᠎ᠠ᠂ ᠵᠡᠭᠡᠯᠢ ᠳᠠᠭᠠᠤ ᠶᠢᠨ ᠳᠠᠭᠤ ᠱᠤᠤᠭᠢᠶᠠᠨ ᠤ ᠪᠣᠬᠢᠷᠲᠤᠯ᠂ ᠲᠡᠷᠭᠡ ᠬᠥᠰᠬᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠪᠠᠯᠭᠠᠰᠤᠨ ᠤ ᠣᠷᠴᠢᠨ ᠲᠣᠭᠤᠷᠢᠨ ᠢ ᠨᠥᠯᠥᠭᠡᠯᠡᠬᠦ᠂ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠢ ᠨᠥᠯᠥᠭᠡᠯᠡᠬᠦ ᠬᠦᠴᠢᠷ ᠠᠰᠠᠭᠤᠳᠠᠯ ᠢ ᠴᠢᠩᠭ᠎ᠠ ᠪᠠᠶᠢᠴᠠᠭᠠᠨ ᠴᠡᠭᠴᠡᠯᠡᠪᠡ᠃      ᠰᠥᠨᠢᠳ ᠪᠠᠷᠠᠭᠤᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠢᠨᠠᠨ ᠪᠠᠶᠢᠴᠠᠭᠠᠬᠤ ᠶᠡᠭᠡ ᠠᠩᠭᠢ ᠶᠢᠨ ᠳᠠᠷᠤᠭ᠎ᠠ ᠷᠧᠨ ᠰᠧ ᠬᠤᠣ᠄ ᠪᠠᠶᠠᠷ ᠤᠨ ᠡᠳᠦᠷ ᠤᠨ ᠬᠤᠭᠤᠴᠠᠭᠠᠨ ᠳᠤ ᠪᠢᠳᠡ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠤᠲᠠ ᠶᠢᠨ ᠬᠠᠮᠢᠶᠠᠷᠤᠯᠲᠠ ᠶᠢᠨ ᠠᠵᠢᠯ ᠤᠨ ︽ᠡᠷᠴᠢᠮ ᠢ ᠰᠤᠯᠠᠷᠠᠭᠤᠯᠬᠤ ᠦᠭᠡᠢ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ︾ ᠪᠠᠶᠢᠬᠤ ᠶᠢ ᠦᠨᠡᠨᠬᠦ ᠪᠠᠲᠤᠯᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠡᠭᠦᠷᠭᠡ ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠴᠡᠪᠡᠷ ᠴᠡᠮᠴᠡᠭᠡᠷ ᠭᠤᠶᠣ ᠰᠠᠶᠢᠬᠠᠨ᠂ ᠪᠠᠶᠠᠷ ᠬᠦᠷ ᠲᠠᠢ ᠡᠶ᠎ᠡ ᠨᠠᠶᠢᠷᠠᠮᠳᠠᠭᠤ ᠪᠠᠶᠠᠷ ᠤᠨ ᠡᠳᠦᠷ ᠤᠨ ᠣᠷᠴᠢᠨ ᠲᠣᠭᠤᠷᠢᠨ ᠢ ᠴᠢᠷᠮᠠᠶᠢᠨ ᠪᠣᠢ ᠪᠤᠯᠭᠠᠨ᠎ᠠ᠃      ᠪᠠᠶᠠᠷ ᠤᠨ ᠡᠳᠦᠷ ᠤᠨ ᠬᠤᠭᠤᠴᠠᠭᠠᠨ ᠳᠤ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠥᠬᠡᠶ ᠪᠠᠬᠢᠵᠢᠭᠦᠯᠵᠦ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠬᠤᠲᠠ ᠶᠢᠨ ᠦᠵᠡᠮᠵᠢ ᠣᠷᠴᠢᠨ ᠲᠣᠭᠤᠷᠢᠨ ᠴᠡᠪᠡᠷ ᠲᠡᠭᠰᠢ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠳᠤᠯᠠᠬᠤ ᠶᠢᠨ ᠬᠠᠮᠲᠤ ᠥᠷᠭᠡᠨ ᠣᠯᠠᠨ ᠰᠠᠭᠤᠭᠠᠯᠢ ᠠᠷᠠᠳ ᠬᠤᠲᠠ ᠶᠢᠨ ᠬᠠᠮᠢᠶᠠᠷᠤᠯᠲᠠ ᠳᠤ ᠢᠳᠡᠪᠬᠢᠲᠡᠢ ᠣᠷᠣᠯᠴᠠᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠬᠠᠮᠠᠭᠠᠯᠠᠬᠤ ᠶᠢ ᠤᠷᠢᠶᠠᠯᠠᠵᠦ ᠪᠠᠶᠢᠨ᠎ᠠ᠃  
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号