ᠣᠶᠢᠷ᠎ᠠ ᠶᠢᠨ ᠡᠳᠦᠷ ᠤᠨ ᠴᠠᠭ ᠠᠭᠤᠷ ᠤᠨ ᠪᠠᠶᠢᠳᠠᠯ ᠪᠤᠳᠤᠯᠢᠶᠠᠨᠲᠠᠶ ᠠᠴᠠ ᠪᠣᠯᠵᠣ᠂ ᠠᠷᠠᠳ ᠤᠨ | ᠠᠮᠢᠳᠤᠷᠠᠯ ᠢ ᠦᠨᠡᠨ ᠬᠦ ᠪᠠᠲᠤᠯᠠᠬᠤ ᠶᠢᠨ ᠲᠥᠯᠥᠭᠡ᠂ ᠮᠠᠨ ᠤ ᠬᠤᠰᠢᠭᠤᠨ ᠤ ᠱᠧᠩ ᠯᠢ᠂ ᠰᠢᠨ ᠭᠠᠩ ᠬᠤᠶᠠᠷ | ᠢᠯᠴᠢ ᠬᠠᠩᠭᠠᠬᠤ ᠺᠣᠮᠫᠠᠨᠢ 9 ᠰᠠᠷ᠎ᠠ ᠶᠢᠨ 27 ᠤ ᠡᠳᠦᠷ ᠠᠴᠠ ᠢᠯᠴᠢ ᠬᠠᠩᠭᠠᠵᠤ ᠡᠬᠢᠯᠡᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠱᠧᠩ ᠯᠢ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠰᠢᠨ ᠭᠠᠩ | ᠡᠨᠧᠷᠭᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠵᠡᠷᠭᠡ ᠢᠯᠴᠢ ᠶᠢᠨ ᠬᠦᠴᠦᠨ ᠤ ᠠᠵᠤ ᠠᠬᠤᠶᠢᠯᠠᠯ | ᠢᠳᠡᠪᠬᠢᠲᠡᠶ ᠪᠠᠷ ᠠᠷᠭ᠎ᠠ ᠬᠡᠮᠵᠢᠶ᠎ᠡ ᠠᠪᠴᠤ ᠂ ᠦᠶᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠰᠠᠭᠤᠭᠠᠯᠢ | ᠠᠷᠠᠳ ᠤᠨ ᠡᠪᠦᠯ ᠤᠨ ᠳᠤᠯᠠᠭᠠᠯᠠᠭ᠎ᠠ ᠶᠢᠨ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ 9 ᠰᠠᠷ᠎ᠠ ᠶᠢᠨ | 21 ᠤ ᠡᠳᠦᠷ ᠠᠴᠠ ᠡᠬᠢᠯᠡᠨ ᠨᠡᠭᠦᠷᠡᠰᠦ ᠰᠢᠲᠠᠭᠠᠵᠤ᠂ 9 ᠰᠠᠷ᠎ᠠ ᠶᠢᠨ 27 ᠤ ᠡᠳᠦᠷ ᠰᠠᠭᠤᠭᠠᠯᠢ ᠠᠷᠠᠳ ᠤᠨ ᠭᠡᠷ | ᠤᠨ ᠳᠤᠯᠠᠭᠠᠯᠠᠭ᠎ᠠ ᠶᠢ ᠴᠠᠭ ᠳᠤᠬᠠᠢ ᠳᠤᠨᠢ ᠬᠠᠩᠭᠠᠬᠤ ᠶᠢ ᠪᠠᠳᠤᠯᠠᠵᠠᠢ᠃ ᠡᠭᠦᠨ ᠤ ᠬᠠᠮᠲᠤ᠂ ᠬᠤᠶᠠᠷ ᠢᠯᠴᠢ ᠶᠢᠨ | ᠬᠦᠴᠦᠨ ᠤ ᠠᠵᠤ ᠠᠬᠤᠶᠢᠯᠠᠯ ᠤᠨ ᠨᠡᠭᠦᠷᠡᠰᠦ ᠬᠠᠳᠠᠭᠠᠯᠠᠬᠤ ᠬᠡᠮᠵᠢᠶ᠎ᠡ ᠨᠢ ᠴᠥᠮ 5000 ᠲᠣᠨ ᠳᠤ ᠬᠦᠷᠴᠦ᠂ | ᠡᠳᠦᠷ ᠪᠦᠷᠢ 78 ᠲᠡᠷᠭᠡ ᠨᠡᠭᠦᠷᠡᠰᠦ ᠪᠠᠭᠤᠯᠭᠠᠵᠤ ᠪᠠᠶᠢᠨ᠎ᠠ᠃ ᠢᠯᠴᠢ ᠶᠢᠨ ᠬᠦᠴᠦᠨ ᠤ ᠬᠤᠶᠠᠷ ᠺᠣᠮᠫᠠᠨᠢ ᠶᠢᠨ | ᠰᠢᠳᠠᠭᠠᠯᠭ᠎ᠠ ᠶᠢᠨ ᠵᠤᠤᠬᠠᠨ ᠤ ᠬᠡᠷ ᠲᠤ᠂ ᠠᠵᠢᠯᠲᠠᠳ ᠶᠡᠷᠦᠩᠬᠡᠶ ᠡᠵᠡᠮᠳᠡᠬᠦ ᠲᠠᠪᠴᠠᠩ ᠤᠨ ᠬᠡᠮᠵᠢᠭᠦᠷᠯᠢᠭ ᠤᠨ | ᠲᠠᠪᠠᠭ ᠳᠡᠭᠡᠷ᠎ᠡ ᠢᠯᠡᠷᠡᠭᠰᠡᠨ ᠵᠤᠤᠬᠠᠨ ᠠᠴᠠ ᠭᠠᠷᠭᠠᠬᠤ ᠤᠰᠤᠨ ᠤ ᠳᠤᠯᠠᠭᠠᠨ ᠤ ᠬᠡᠮᠵᠢᠶ᠎ᠡ ᠪᠣᠯᠤᠨ ᠤᠰᠤ ᠣᠷᠣᠬᠤ | ᠳᠤᠯᠠᠭᠠᠨ ᠤ ᠬᠡᠮᠵᠢᠶ᠎ᠡ ᠵᠡᠷᠭᠡ ᠮᠡᠳᠡᠭᠡ ᠵᠠᠩᠭᠢ ᠶᠢ ᠠᠵᠢᠭᠯᠠᠵᠤ᠂ ᠲᠠᠰᠤᠷᠠᠯᠲᠠ ᠥᠬᠡᠶ ᠨᠡᠭᠦᠷᠡᠰᠦ ᠨᠡᠮᠡᠨ ᠲᠦᠯᠡᠵᠦ᠂ | ᠠᠶᠢᠯ ᠪᠤᠯᠭᠠᠨ ᠳᠤ ᠬᠠᠯᠠᠭᠤᠨ ᠳᠤᠯᠠᠭᠠᠨ ᠢ ᠬᠦᠷᠬᠡᠬᠦ ᠪᠠᠷ ᠶᠠᠭᠠᠷᠠᠯᠳᠠᠢ ᠠᠵᠢᠯᠯᠠᠨ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠬᠤᠰᠢᠭᠤᠨ ᠤ ᠢᠯᠴᠢ ᠬᠠᠩᠭᠠᠬᠤ ᠠᠵᠢᠯ ᠲᠥᠷᠥᠯ ᠢᠮᠠᠭᠲᠠ ︽ | ᠠᠷᠠᠳ ᠲᠦᠮᠡᠨ ᠢᠶᠠᠷ ᠭᠤᠤᠯ ᠪᠣᠯᠭᠠᠬᠤ︾ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠳᠤᠤᠱᠯᠠᠭᠤᠯᠤᠨ | ᠨᠠᠶᠢᠳᠠᠪᠤᠷᠢᠵᠢᠭᠤᠯᠵᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ | ᠢᠯᠴᠢ ᠬᠠᠩᠭᠠᠬᠤ ᠬᠠᠮᠢᠶᠠᠷᠤᠯᠲᠠ ᠪᠠ ᠦᠶᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ | ᠂ ᠥᠷᠭᠡᠨ ᠣᠯᠠᠨ ᠠᠷᠠᠳ ᠲᠦᠮᠡᠨ ᠤ ᠦᠶᠯᠡᠳᠪᠦᠷᠢᠯᠡᠯ ᠠᠮᠢᠳᠤᠷᠠᠯ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ | ᠰᠠᠭᠤᠭᠠᠯᠢ ᠠᠷᠠᠳ ᠤᠨ ᠵᠣᠯ ᠵᠢᠷᠭᠠᠯᠳᠤ ᠲᠦᠷᠦᠭᠳᠡᠯ ᠢ ᠲᠠᠰᠤᠷᠠᠯᠲᠠ ᠥᠬᠡᠶ ᠨᠡᠮᠡᠭᠳᠡᠬᠦᠯᠵᠦ ᠪᠤᠢ᠃ |