ᠬᠤᠲᠠ ᠪᠠᠯᠭᠠᠰᠤᠨ ᠤ ᠰᠠᠭᠤᠭᠠᠯᠢ ᠡᠷᠦᠬᠡ ᠶᠢᠨ ᠥᠯᠢᠭᠡᠷ ᠠᠪᠴᠤ ᠪᠠᠶᠢᠴᠠᠭᠠᠭᠰᠠᠨ ᠲᠤᠭ᠎ᠠ ᠪᠠᠷᠢᠮᠲᠠ ᠶᠢᠨ | ᠦᠷ᠎ᠡ ᠳ᠋ᠦᠩ ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ᠂ ᠮᠠᠨ ᠤ ᠬᠤᠰᠢᠭᠤᠨ ᠤ ᠬᠤᠲᠠ ᠪᠠᠯᠭᠠᠰᠤᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠪᠠ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠴᠥᠮ ᠨᠡᠮᠡᠭᠳᠡᠯ ᠤᠨ | ᠪᠠᠶᠢᠳᠠᠯ ᠢᠶᠠᠨ ᠪᠠᠲᠤᠯᠠᠪᠠ᠃ | ᠨᠢᠭᠡ᠂ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ | ᠡᠵᠡᠮᠳᠡᠵᠦ ᠪᠣᠯᠬᠤ ᠣᠷᠣᠯᠭ᠎ᠠ ᠶᠢᠨ ᠪᠠᠶᠢᠳᠠᠯ | ᠳᠡᠭᠡᠷ᠎ᠡ ᠬᠠᠭᠠᠰ ᠵᠢᠯ ᠳᠤ᠂ ᠮᠠᠨ ᠤ ᠬᠤᠰᠢᠭᠤᠨ ᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 24338 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.2 % ᠢᠶᠠᠷ ᠨᠡᠮᠡᠭᠳᠡᠪᠡ᠃ ᠶᠡᠷᠦᠩᠬᠡᠢ ᠬᠡᠮᠵᠢᠶ᠎ᠡ ᠨᠢ ᠪᠦᠬᠦ ᠠᠶᠢᠮᠠᠭ ᠲᠤ 11 ᠳᠤ | ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠨᠢ 7 ᠳᠤ ᠣᠷᠣᠪᠠ᠃ ᠳᠥᠷᠪᠡᠨ ᠵᠦᠢᠯ ᠤᠨ ᠣᠷᠣᠯᠭ᠎ᠠ ᠶᠢᠨ | ᠪᠦᠲᠦᠴᠡ ᠠᠴᠠ ᠦᠵᠡᠪᠡᠯ᠃ | ︵ᠨᠢᠭᠡ︶ ᠴᠠᠯᠢᠩ ᠤᠨ ᠴᠢᠨᠠᠷᠲᠠᠢ ᠤᠷᠤᠯᠭ᠎ᠠ | ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠴᠠᠯᠢᠩ ᠤᠨ ᠴᠢᠨᠠᠷᠲᠠᠶ ᠣᠷᠣᠯᠭ᠎ᠠ ᠦᠷᠭᠦᠯᠵᠢᠯᠡᠨ | ᠨᠡᠮᠡᠭᠳᠡᠬᠦ ᠶᠢ ᠪᠠᠲᠤᠯᠠᠵᠤ᠂ ᠭᠤᠤᠯᠳᠠᠭᠤ ᠬᠤᠲᠠ ᠪᠠᠯᠭᠠᠰᠤᠨ ᠤ ᠬᠦᠴᠦ ᠶᠠᠪᠤᠭᠰᠠᠳ ᠤᠨ ᠠᠵᠢᠯ ᠣᠯᠵᠤ ᠪᠠᠶᠢᠭ᠎ᠠ | ᠪᠠᠶᠢᠳᠠᠯ ᠶᠡᠷᠦᠩᠬᠡᠶ ᠳᠡᠭᠡᠨ ᠰᠠᠶᠢᠵᠢᠷᠠᠯᠲᠠ ᠲᠠᠢ ᠪᠣᠯᠬᠤ ᠪᠠ ᠠᠯᠪᠠᠨ ᠲᠤᠰᠢᠶᠠᠯᠲᠠᠨ ᠤ ᠴᠠᠯᠢᠩ ᠬᠥᠯᠥᠰᠥ ᠶᠢ ᠥᠰᠬᠡᠬᠦ | ᠶᠠᠪᠤᠳᠠᠯ ᠪᠣᠯᠤᠨ᠎ᠠ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠴᠠᠯᠢᠩ ᠤᠨ ᠴᠢᠨᠠᠷᠲᠠᠶ ᠣᠷᠣᠯᠭ᠎ᠠ 10199 | ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 409 ᠲᠥᠭᠦᠷᠢᠭ ᠨᠡᠮᠡᠭᠳᠡᠵᠦ᠂ 4. | 2% ᠢᠶᠠᠷ ᠨᠡᠮᠡᠭᠳᠡᠵᠦ᠂ ᠡᠵᠡᠮᠳᠡᠵᠦ ᠪᠣᠯᠬᠤ ᠣᠷᠣᠯᠭ᠎ᠠ ᠶᠢᠨ 42% ᠢ ᠡᠵᠡᠯᠡᠪᠡ᠃ | ︵ᠬᠤᠶᠠᠷ︶ ᠡᠵᠡᠩᠨᠡᠯᠲᠡ ᠶᠢᠨ ᠴᠢᠨᠠᠷᠲᠠᠢ ᠣᠷᠣᠯᠭ᠎ᠠ | ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠩᠨᠡᠯᠲᠡ ᠶᠢᠨ ᠴᠢᠨᠠᠷᠲᠠᠶ | ᠣᠷᠣᠯᠭ᠎ᠠ 6838 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 337 ᠲᠥᠭᠦᠷᠢᠭ ᠨᠡᠮᠡᠭᠳᠡᠨ᠂ | 5.2% ᠨᠡᠮᠡᠭᠳᠡᠵᠦ᠂ ᠡᠵᠡᠮᠳᠡᠵᠦ ᠪᠣᠯᠬᠤ ᠣᠷᠣᠯᠭ᠎ᠠ ᠶᠢᠨ 28% ᠶᠢ ᠡᠵᠡᠯᠡᠪᠡ᠃ ᠭᠤᠤᠯᠳᠠᠭᠤ ᠪᠠᠶᠠᠷ | ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠤ ᠬᠡᠷᠡᠭᠯᠡᠭᠡᠨ ᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ | ᠨᠡᠶᠢᠳᠡᠮ ᠲᠤ ᠪᠠᠨ ᠳᠡᠰ ᠳᠡᠪᠰᠢᠵᠦ᠂ ᠡᠵᠡᠩᠨᠡᠯᠲᠡ ᠶᠢᠨ ᠴᠢᠨᠠᠷᠲᠠᠶ ᠦᠢᠯᠡᠴᠢᠯᠡᠭᠡᠨ ᠤ ᠨᠡᠮᠡᠭᠳᠡᠯ ᠢ ᠲᠠᠢᠴᠢᠯᠠᠪᠠ᠃ | ︵ᠭᠤᠷᠪᠠ︶ ᠡᠳ᠋ ᠬᠦᠷᠦᠩᠭᠡ ᠶᠢᠨ ᠴᠢᠨᠠᠷᠲᠠᠢ ᠤᠷᠤᠯᠭ᠎ᠠ | ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠳ᠋ ᠬᠥᠷᠥᠩᠭᠡ ᠶᠢᠨ ᠴᠢᠨᠠᠷᠲᠠᠶ | ᠣᠷᠣᠯᠭ᠎ᠠ 815 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 167 ᠲᠥᠭᠦᠷᠢᠭ ᠨᠡᠮᠡᠭᠳᠡᠵᠦ᠂ | ᠠᠳᠠᠯᠢ ᠬᠤᠭᠤᠴᠠᠭᠠᠨ ᠤ ᠬᠢ ᠠᠴᠠ 26% ᠪᠠᠷ ᠨᠡᠮᠡᠭᠳᠡᠨ᠂ ᠡᠵᠡᠮᠳᠡᠵᠦ ᠪᠣᠯᠬᠤ ᠣᠷᠣᠯᠭ᠎ᠠ ᠶᠢᠨ 3% ᠶᠢ ᠡᠵᠡᠯᠡᠪᠡ᠃ | ᠭᠤᠣᠯᠳᠠᠭᠤ ᠭᠡᠷ ᠪᠠᠶᠢᠰᠢᠩ᠂ ᠲᠦᠷᠢᠶᠡᠰᠦᠨ ᠮᠥᠩᠭᠦ ᠨᠡᠮᠡᠭᠳᠡᠭᠰᠡᠨ ᠵᠡᠷᠭᠡ ᠰᠢᠯᠲᠠᠭᠠᠨ ᠠᠴᠠ ᠪᠤᠯᠤᠭᠰᠠᠨ᠃ | ︵ᠲᠦᠷᠪᠡ︶ ᠰᠢᠯᠵᠢᠯᠲᠡ ᠶᠢᠨ ᠴᠢᠨᠠᠷᠲᠠᠢ ᠤᠷᠤᠯᠭ᠎ᠠ | ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠪᠦᠷᠢ ᠶᠢᠨ ᠰᠢᠯᠵᠢᠭᠦᠯᠬᠦ ᠴᠢᠨᠠᠷᠲᠠᠢ ᠳᠤᠮᠳᠠᠴᠢ | ᠣᠷᠤᠯᠭ᠎ᠠ 6486 ᠲᠦᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠠᠴᠠ 68 ᠲᠦᠭᠦᠷᠢᠭ | ᠨᠡᠮᠡᠭᠳᠡᠵᠦ᠂ 1.1% ᠨᠡᠮᠡᠭᠳᠡᠵᠦ᠂ ᠡᠵᠡᠮᠳᠡᠵᠦ ᠪᠣᠯᠬᠤ ᠣᠷᠤᠯᠭ᠎ᠠ ᠶᠢᠨ 27% ᠶᠢ ᠡᠵᠡᠯᠡᠪᠡ᠃ ᠭᠤᠣᠯᠳᠠᠭᠤ | ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠪᠠᠭᠤᠭᠰᠠᠳ ᠤᠨ ᠨᠠᠰᠤᠵᠢᠯ ᠤᠨ ᠳᠠᠭᠠᠳᠬᠠᠯ ᠤᠨ ᠮᠥᠩᠭᠦ | ᠨᠡᠮᠡᠭᠳᠡᠭᠰᠡᠨ ᠪᠠᠶᠢᠨ᠎ᠠ᠃ | ᠬᠤᠶᠠᠷ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠠᠮᠢᠳᠤᠷᠠᠯ ᠤᠨ | ᠬᠡᠷᠡᠭᠯᠡᠭᠡᠨ ᠤ ᠵᠠᠷᠤᠯᠭ᠎ᠠ ᠶᠢᠨ ᠪᠠᠶᠢᠳᠠᠯ | ᠳᠡᠭᠡᠷ᠎ᠡ ᠬᠠᠭᠠᠰ ᠵᠢᠯ ᠳᠤ᠂ ᠮᠠᠨ ᠤ ᠬᠤᠰᠢᠭᠤᠨ ᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 14431 ᠲᠥᠭᠦᠷᠢᠭ ᠲᠤ ᠬᠦᠷᠴᠦ᠂ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ 608 ᠲᠥᠭᠦᠷᠢᠭ ᠨᠡᠮᠡᠭᠳᠡᠵᠦ᠂ 4.4% ᠨᠡᠮᠡᠭᠳᠡᠪᠡ᠃ ᠨᠠᠢᠮᠠᠨ ᠶᠡᠭᠡ | ᠲᠥᠷᠥᠯ ᠤᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ ᠶᠢᠨ ᠪᠠᠶᠢᠳᠠᠯ ᠠᠴᠠ ᠦᠵᠡᠪᠡᠯ᠄ | ︵ᠨᠢᠭᠡ︶ ᠬᠥᠮᠦᠨ ᠳᠤᠮᠳᠠᠴᠢ ᠶᠢᠨ ᠢᠳᠡᠭᠡᠨ ᠤ ᠵᠦᠢᠯ ᠤᠨ ᠵᠠᠷᠤᠯᠭ᠎ᠠ 4732 ᠲᠥᠭᠦᠷᠢᠭ ᠪᠠᠶᠢᠵᠤ᠂ | ᠠᠳᠠᠯᠢ ᠬᠤᠭᠤᠴᠠᠭᠠᠨ ᠤ ᠬᠢ ᠠᠴᠠ 223 ᠲᠥᠭᠦᠷᠢᠭ ᠨᠡᠮᠡᠭᠳᠡᠵᠦ᠂ 4.9% ᠨᠡᠮᠡᠭᠳᠡᠪᠡ᠃ | ︵ᠬᠤᠶᠠᠷ︶ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠤᠪᠴᠠᠰᠤ ᠬᠤᠨᠠᠷ ᠤᠨ ᠬᠡᠷᠡᠭᠯᠡᠭᠡ 1707 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34 ᠲᠥᠭᠦᠷᠢᠭ ᠨᠡᠮᠡᠭᠳᠡᠵᠦ᠂ 2.1% ᠪᠠᠷ | ᠨᠡᠮᠡᠭᠳᠡᠪᠡ᠃ | ︵ᠭᠤᠷᠪᠠ︶ ᠬᠤᠲᠠ ᠪᠠᠯᠭᠠᠰᠤᠨ ᠤ ᠬᠥᠮᠦᠨ ᠳᠤᠮᠳᠠᠴᠢ ᠶᠢᠨ ᠣᠷᠣᠨ ᠰᠠᠭᠤᠴᠠ ᠶᠢᠨ ᠵᠠᠷᠤᠯᠭ᠎ᠠ 1679 | ᠲᠥᠭᠦᠷᠢᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 16 ᠲᠥᠭᠦᠷᠢᠭ ᠨᠡᠮᠡᠭᠳᠡᠵᠦ᠂ 1% ᠪᠠᠷ ᠨᠡᠮᠡᠭᠳᠡᠪᠡ᠃ | ︵ᠲᠦᠷᠪᠡ︶ ᠬᠥᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠵᠠᠷᠤᠯᠭ᠎ᠠ | 1123 ᠲᠥᠭᠦᠷᠢᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 1 ᠲᠥᠭᠦᠷᠢᠭ ᠨᠡᠮᠡᠭᠳᠡᠵᠦ᠂ 0.1% | ᠨᠡᠮᠡᠭᠳᠡᠪᠡ᠃ | ︵ᠲᠠᠪᠤ︶ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠵᠠᠮ ᠬᠠᠷᠢᠯᠴᠠᠭ᠎ᠠ ᠪᠠ | ᠴᠢᠮᠡᠭᠡ ᠬᠤᠯᠪᠣᠭᠠᠨ ᠤ ᠲᠥᠷᠥᠯ ᠤᠨ ᠵᠠᠷᠤᠯᠭ᠎ᠠ 1686 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 69 ᠲᠥᠭᠦᠷᠢᠭ ᠨᠡᠮᠡᠭᠳᠡᠨ᠂ 4.3% ᠨᠡᠮᠡᠭᠳᠡᠪᠡ᠃ | ︵ᠵᠢᠷᠭᠤᠭ᠎ᠠ︶ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠰᠤᠷᠭᠠᠨ ᠬᠥᠮᠦᠵᠢᠯ ᠰᠣᠶᠣᠯ ᠴᠡᠩᠭᠡᠯ ᠤᠨ | ᠦᠢᠯᠡᠴᠢᠯᠡᠭᠡᠨ ᠤ ᠲᠥᠷᠥᠯ ᠤᠨ ᠵᠠᠷᠤᠯᠭ᠎ᠠ 1339 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 108 ᠲᠥᠭᠦᠷᠢᠭ ᠨᠡᠮᠡᠭᠳᠡᠵᠦ᠂ 8.7% ᠪᠠᠷ ᠨᠡᠮᠡᠭᠳᠡᠪᠡ᠃ | ︵ᠳᠤᠯᠤᠭ᠎ᠠ︶ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠮ ᠡᠮᠨᠡᠯᠭᠡ | ᠡᠷᠡᠭᠦᠯ ᠮᠡᠨᠳᠦ ᠶᠢ ᠬᠠᠮᠠᠭᠠᠯᠠᠬᠤ ᠵᠠᠷᠤᠯᠭ᠎ᠠ 1662 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ | 118 ᠲᠥᠭᠦᠷᠢᠭ ᠨᠡᠮᠡᠭᠳᠡᠵᠦ᠂ 7.6% ᠪᠠᠷ ᠨᠡᠮᠡᠭᠳᠡᠪᠡ᠃ | |