ᠪᠠᠶᠠᠷ ᠤᠨ ᠠᠮᠠᠷᠠᠯᠳᠠ ᠪᠠᠷ ᠠᠵᠢᠯ ᠤᠨ ᠪᠠᠶᠢᠷᠢ ᠪᠠᠨ ᠪᠠᠳᠤ ᠰᠠᠬᠢᠵᠤ ᠪᠠᠶᠢᠭ᠎ᠠ — ᠡᠮᠨᠡᠯᠭᠡ ᠶᠢᠨ ᠠᠵᠢᠯᠳᠠᠳ
ᠨᠡᠶᠢᠲᠡᠯᠡᠭᠰᠡᠨ ᠴᠠᠭ᠄
2024/10/5
     ᠤᠯᠤᠰ ᠳᠠᠶᠠᠭᠠᠷ ᠤᠯᠤᠰ ᠤᠨ ᠪᠠᠶᠠᠷ ᠢᠶᠠᠨ ᠪᠠᠶᠠᠷᠯᠠᠨ ᠳᠡᠮᠳᠡᠭᠯᠡᠵᠦ᠂ ᠠᠮᠠᠷᠠᠯᠳᠠ ᠶᠢᠨ ᠬᠤᠭᠤᠴᠠᠭ᠎ᠠ ᠪᠠᠨ ᠬᠠᠮᠢᠭᠠᠭᠤᠷ ᠵᠤᠭᠠᠯᠠᠵᠤ᠂ ᠶᠠᠭᠠᠬᠢᠵᠦ ᠦᠩᠭᠡᠷᠡᠬᠦᠯᠬᠦ ᠪᠠᠨ ᠲᠦᠯᠦᠪᠯᠡᠵᠦ ᠪᠠᠶᠢᠬᠤ ᠳᠤ᠂ ᠡᠷᠡᠬᠦᠯ ᠮᠡᠨᠳᠦ ᠶᠢᠨ ᠡᠯᠴᠢ ᠡᠩᠭᠡ ᠶᠢᠨ ᠴᠠᠭᠠᠨ ᠳᠠᠭᠳᠠᠭ᠎ᠠ ᠬᠡᠮᠡᠭᠳᠡᠭᠰᠡᠨ ᠡᠮᠴᠢ ᠰᠤᠪᠢᠯᠠᠭᠴᠢᠳ ᠮᠦᠨ ᠯᠡ ᠠᠵᠢᠯ ᠤᠨ ᠪᠠᠶᠢᠷᠢᠨ ᠳᠡᠭᠡᠷ᠎ᠡ ᠪᠠᠨ ᠶᠠᠭᠠᠷᠠᠯᠳᠤᠵᠤ᠂ ᠡᠪᠡᠳᠴᠢᠳᠡᠨ ᠢᠶᠠᠨ ᠠᠰᠠᠷᠠᠨ ᠬᠠᠷᠠᠭᠠᠯᠵᠠᠬᠤ᠂ ᠤᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠬᠤ ᠳᠠᠷᠬᠠᠨ ᠡᠭᠦᠷᠭᠡ ᠪᠠᠨ ᠰᠠᠬᠢᠭᠰᠠᠭᠠᠷ ᠪᠠᠶᠢᠳᠠᠭ᠃      ᠥᠷᠯᠥᠭᠡ ᠡᠷᠲᠡ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠳᠣᠲᠣᠷ ᠰᠠᠯᠠᠭᠠᠨ ᠤ ᠡᠮᠨᠡᠯᠭᠡ ᠳᠤ ᠰᠠᠭᠤᠬᠤ ᠬᠡᠯᠲᠡᠰ ᠲᠤ᠂ ᠡᠮᠴᠢ ᠰᠤᠪᠢᠯᠠᠭᠴᠢᠳ ᠶᠠᠭ ᠡᠪᠡᠳᠴᠢᠲᠡᠨ ᠤ ᠥᠷᠥᠭᠡ ᠪᠠᠶᠢᠴᠠᠭᠠᠵᠤ᠂ ᠡᠪᠡᠳᠴᠢᠲᠡᠨ ᠢᠶᠠᠨ ᠪᠤᠯᠭᠤᠭᠠᠨ ᠡᠷᠡᠬᠦᠯ ᠮᠡᠨᠳᠦ ᠶᠢᠨ ᠪᠠᠶᠢᠳᠠᠯ ᠢ ᠨᠢ ᠠᠰᠠᠭᠤᠨ᠂ ᠲᠤᠰᠬᠠᠢ ᠮᠡᠷᠭᠡᠵᠢᠯ ᠤᠨ ᠣᠨᠣᠰᠢᠯᠠᠯᠲᠠ ᠪᠠ ᠡᠮᠴᠢᠯᠡᠭᠡᠨ ᠤ ᠰᠠᠨᠠᠯ ᠵᠦᠪᠯᠡᠯᠭᠡ ᠬᠠᠩᠭᠠᠵᠤ᠂ ᠠᠩᠬᠠᠷᠬᠤ ᠵᠤᠬᠢᠰᠳᠡᠢ ᠵᠦᠢᠯᠡᠰ ᠢ ᠨᠢ ᠦᠷᠦᠬᠡ ᠳᠠᠷᠠᠭᠠᠯᠠᠨ ᠰᠠᠨᠠᠭᠤᠯᠵᠤ ᠶᠠᠪᠤᠨ᠎ᠠ᠃      ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠳᠣᠲᠣᠷ ᠰᠠᠯᠠᠭᠠᠨ ᠤ ᠡᠷᠬᠢᠯᠡᠭᠴᠢ ᠵᠠᠩ ᠰᠢᠤᠸᠠᠢ ᠮᠧᠶ ︵ᠨᠠᠮᠤᠷ ᠠᠴᠠ ᠨᠠᠭᠠᠰᠢ᠂ ᠡᠪᠡᠳᠴᠢᠲᠡᠨ ᠦᠷᠭᠦᠯᠵᠢᠯᠡᠨ ᠨᠡᠮᠡᠭᠳᠡᠵᠦ᠂ ᠡᠮᠨᠡᠯᠭᠡ ᠳᠤ ᠰᠠᠭᠤᠬᠤ ᠡᠪᠡᠳᠴᠢᠲᠡᠨ ᠴᠦ ᠨᠡᠯᠢᠶᠡᠳ ᠣᠯᠠᠨ ᠪᠣᠯᠵᠠᠶ᠂ ᠥᠷᠭᠡᠨ ᠣᠯᠠᠨ ᠡᠪᠡᠳᠴᠢᠲᠡᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠬᠠᠩᠭᠠᠬᠤ ᠎ ᠶᠢᠨ ᠲᠥᠯᠥᠭᠡ᠂ ᠮᠠᠨ ᠤ ᠪᠣᠶ ᠪᠥᠬᠦᠶ ᠬᠥᠮᠦᠰ ᠤᠯᠤᠰ ᠤᠨ ᠪᠠᠶᠠᠷ ᠤᠨ ᠬᠤᠭᠤᠴᠠᠭᠠᠨ ᠳᠤ ᠴᠥᠮ ᠠᠵᠢᠯ ᠤᠨ ᠪᠠᠶᠢᠷᠢᠨ ᠳᠠᠭᠠᠨ ᠪᠠᠶᠢᠨ᠎ᠠ᠃ ᠬᠡᠳᠦᠶᠢᠪᠡᠷ ᠪᠠᠶᠠᠷ ᠳᠤᠷᠠᠰᠬᠠᠯ ᠤᠨ ᠡᠳᠦᠷ ᠪᠣᠯᠪᠠᠴᠤ ᠪᠢᠳᠡᠨ ᠳᠤ ᠠᠪᠴᠤ ᠬᠡᠯᠡᠪᠡᠯ ᠴᠥᠮ ᠡᠳᠦᠷ ᠲᠤᠲᠤᠮ ᠤᠨ ᠠᠵᠢᠯ ᠶᠤᠮ᠂ ᠪᠢᠳᠡ ᠡᠷᠬᠡᠪᠰᠢ ᠡᠪᠡᠳᠴᠢᠨ ᠦᠵᠡᠭᠦᠯᠬᠦ ᠪᠠᠷ ᠢᠷᠡᠭᠰᠡᠨ ᠡᠪᠡᠳᠴᠢᠲᠡᠨ  ᠨᠢᠭᠡᠪᠦᠷᠢ ᠶᠢᠨ ᠡᠪᠡᠳᠴᠢᠨ ᠢᠶᠠᠨ  ᠦᠵᠡᠬᠦᠯᠵᠦ᠂ ᠡᠪᠡᠳᠴᠢᠨ ᠢᠶᠠᠨ ᠰᠠᠶᠢᠲᠤᠷ  ᠵᠠᠰᠠᠭᠤᠯᠬᠤ ᠶᠢ  ᠪᠠᠳᠤᠯᠠᠬᠤ ᠬᠡᠷᠡᠭᠳᠡᠢ᠃︶      ᠡᠮᠴᠢ ᠰᠤᠪᠢᠯᠠᠭᠴᠢᠳ ᠤᠨ ᠶᠡᠷᠦ ᠶᠢᠨ ᠴᠠᠭ ᠤᠨ ᠠᠵᠢᠯ ᠶᠠᠭᠠᠷᠠᠤ ᠮᠦᠷᠳᠡᠭᠡᠨ ᠠᠮᠠᠷᠠᠯᠳᠠ ᠴᠢᠯᠦᠬᠡᠨ ᠤ ᠬᠤᠭᠤᠴᠠᠭ᠎ᠠ ᠠᠵᠢᠯ ᠨᠢ ᠤᠯᠠᠮ ᠴᠦ ᠶᠠᠭᠠᠷᠠᠤ᠂ ᠡᠭᠦᠷᠭᠡ ᠨᠢ ᠤᠯᠠᠮ ᠬᠦᠨᠳᠦ ᠪᠤᠯᠳᠠᠭ ᠠᠴᠠ᠂ ᠤᠯᠤᠰ ᠤᠨ ᠪᠠᠶᠠᠷ ᠎ ᠤᠨ ᠬᠤᠭᠤᠴᠠᠭᠠᠨ ᠳᠠᠬᠢ ᠡᠮᠴᠢᠯᠡᠭᠡᠨ ᠤ ᠠᠮᠤᠷ ᠲᠦᠪᠰᠢᠨ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠵᠠᠰᠠᠬᠤ ᠠᠵᠢᠯ ᠢ ᠰᠠᠶᠢᠲᠤᠷ ᠬᠢᠵᠦ᠂ ᠪᠠᠶᠠᠷ ᠪᠠᠶᠠᠰᠬᠤᠯᠠᠩᠲᠤ ᠡᠶ᠎ᠡ ᠵᠣᠬᠢᠴᠠᠩᠭᠤᠶ ᠠᠮᠤᠷ ᠲᠣᠭᠲᠠᠭᠤᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠬᠠᠮᠳᠤᠪᠡᠷ ᠪᠣᠶ ᠪᠣᠯᠭᠠᠬᠤ ᠶᠢᠨ ᠲᠥᠯᠥᠭᠡ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠬᠤᠰᠢᠭᠤ ᠡᠮᠨᠡᠯᠭᠡ ᠶᠢᠨ ᠬᠤᠷᠢᠶᠠᠨ ᠤ ᠡᠯ᠎ᠡ ᠰᠠᠯᠠᠭ᠎ᠠ ᠲᠠᠰᠤᠭ ᠤᠨ ᠬᠢᠨ ᠡᠭᠡᠯᠵᠢ ᠵᠢᠵᠢᠬᠦᠷ ᠎ ᠤᠨ ᠬᠦᠮᠦᠰ ᠢ ᠵᠦᠶ ᠵᠣᠬᠢᠰᠲᠠᠶ ᠲᠣᠬᠢᠷᠠᠭᠤᠯᠵᠤ᠂ ᠡᠮᠴᠢᠯᠡᠭᠡᠨ ᠤ ᠠᠵᠢᠯ ᠤᠨ 24 ᠴᠠᠭ ᠤᠨ ᠬᠡᠪ ᠤᠨ ᠠᠵᠢᠯᠯᠠᠭᠠᠨ ᠎ ᠢ ᠦᠨᠡᠨ ᠬᠦ ᠪᠠᠳᠤᠯᠠᠨ᠂ ᠥᠷᠭᠡᠨ ᠤᠯᠠᠨ ᠡᠮᠨᠡᠯᠭᠡ ᠶᠢᠨ ᠠᠵᠢᠯᠳᠠᠨ ᠬᠠᠷᠢᠭᠤᠴᠠᠯᠭ᠎ᠠ ᠡᠭᠦᠷᠭᠡᠯᠡᠵᠦ᠂ ᠠᠵᠢᠯ ᠤᠨ ᠪᠠᠶᠢᠷᠢ ᠪᠠᠨ ᠪᠠᠳᠤ ᠰᠠᠬᠢᠵᠤ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号