ᠠᠷᠪᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠬᠤᠰᠢᠭᠤ ᠴᠠᠬᠢᠯᠭᠠᠨ ᠬᠠᠩᠭᠠᠬᠤ ᠺᠣᠮᠫᠠᠨᠢ ᠶᠢᠨ | ᠥᠷᠭᠡᠨ ᠣᠯᠠᠨ ᠺᠠᠳ᠋ᠷ ᠠᠵᠢᠯᠲᠠᠨ ᠴᠠᠬᠢᠯᠭᠠᠨ ᠬᠠᠩᠭᠠᠬᠤ ᠦᠶᠯᠡᠴᠢᠯᠡᠭᠡᠨ ᠤ ᠡᠮᠦᠨ᠎ᠡ ᠹᠷᠣᠨᠲ ᠲᠤ ᠡᠷᠡᠯᠬᠡᠭᠯᠡᠨ | ᠲᠡᠮᠡᠴᠡᠵᠦ ᠠᠵᠢᠯ ᠤᠨ ᠪᠠᠶᠢᠷᠢ ᠪᠠᠨ ᠪᠠᠲᠤ ᠰᠠᠬᠢᠵᠤ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠴᠠᠬᠢᠯᠭᠠᠨ ᠤ | ᠲᠣᠤᠷ ᠤᠨ ᠠᠮᠤᠷ ᠲᠦᠪᠰᠢᠨ ᠲᠣᠭᠲᠠᠭᠤᠨ ᠠᠵᠢᠯᠯᠠᠭᠠᠨ ᠪᠠ ᠴᠠᠬᠢᠯᠭᠠᠨ ᠬᠦᠴᠦᠨ ᠤ ᠨᠠᠶᠢᠳᠠᠪᠤᠷᠢᠲᠠᠶ ᠬᠠᠩᠭᠠᠯᠭ᠎ᠠ | ᠶᠢ ᠪᠥᠬᠦ ᠬᠦᠴᠦᠨ ᠢᠶᠠᠷ ᠢᠶᠠᠨ ᠪᠠᠳᠤᠯᠠᠵᠤ ᠪᠠᠶᠢᠨ᠎ᠠ᠃ | ᠬᠤᠰᠢᠭᠤ ᠴᠠᠬᠢᠯᠭᠠᠨ ᠬᠠᠩᠭᠠᠬᠤ ᠺᠣᠮᠫᠠᠨᠢ ᠶᠢᠨ ᠲᠣᠬᠢᠷᠠᠭᠤᠯᠤᠨ ᠡᠵᠡᠮᠳᠡᠬᠦ ᠲᠠᠰᠤᠭ ᠲᠤ᠂ ᠵᠢᠵᠢᠭᠦᠷ ᠤᠨ | ᠠᠵᠢᠯᠳᠠᠨ ᠪᠥᠬᠦ ᠬᠤᠰᠢᠭᠤᠨ ᠤ ᠬᠡᠪᠴᠢᠶᠡᠨ ᠳᠠᠬᠢ ᠴᠠᠬᠢᠯᠭᠠᠨ ᠲᠣᠤᠷ ᠤᠨ ᠠᠵᠢᠯᠯᠠᠭᠠᠨ ᠤ ᠪᠠᠶᠢᠳᠠᠯ ᠢ ᠡᠵᠡᠮᠳᠡᠵᠦ᠂ | ᠬᠡᠷᠪᠡ ᠰᠠᠭᠠᠳ ᠭᠠᠷᠴᠤ ᠴᠠᠬᠢᠯᠭᠠᠨ ᠵᠣᠭᠰᠣᠪᠠᠯ᠂ ᠴᠠᠬᠢᠯᠭᠠᠨ ᠱᠤᠭᠤᠮ ᠤᠨ ᠬᠠᠷᠢᠭᠤᠴᠠᠯᠭᠠᠲᠠᠨ ᠲᠣᠮᠢᠯᠠᠨ | ᠪᠠᠶᠢᠴᠠᠭᠠᠯᠭᠠᠵᠤ᠂ ᠬᠠᠮᠤᠭ ᠤᠨ ᠲᠦᠷᠭᠡᠨ ᠬᠤᠷᠳᠤᠴᠠ ᠪᠠᠷ ᠥᠷᠭᠡᠨ ᠣᠯᠠᠨ ᠰᠠᠭᠤᠭᠠᠯᠢ ᠠᠷᠠᠳ ᠲᠤ ᠴᠠᠬᠢᠯᠭᠠᠨ | ᠬᠠᠩᠭᠠᠵᠤ ᠪᠠᠶᠢᠨ᠎ᠠ᠃ | ᠰᠤᠷᠪᠤᠯᠵᠢᠯᠠᠭ᠎ᠠ᠄ ᠴᠠᠬᠢᠯᠭᠠᠨ ᠬᠦᠴᠦᠨ ᠤ ᠭᠤᠤᠯ ᠳᠤᠤᠷ ᠲᠣᠬᠢᠷᠠᠭᠤᠯᠬᠤ ᠠᠵᠢᠯᠲᠠᠨ ᠯᠢᠦ ᠬᠦᠶ ᠵᠢᠦᠸᠠᠨ ︵ | ᠪᠢ ᠴᠠᠬᠢᠯᠭᠠᠨ ᠲᠣᠤᠷ ᠤᠨ ᠲᠣᠬᠢᠷᠠᠭᠤᠯᠤᠯᠲᠠ ᠶᠢᠨ ᠠᠵᠢᠯ ᠢ 26 ᠵᠢᠯ ᠬᠢᠵᠦ ᠪᠠᠶᠢᠭ᠎ᠠ ᠠᠬᠠᠮᠠᠳ ᠠᠵᠢᠯᠲᠠᠨ᠂ | ᠴᠠᠬᠢᠯᠭᠠᠨ ᠲᠣᠤᠷ ᠤᠨ ᠲᠣᠬᠢᠷᠠᠭᠤᠯᠤᠯᠲᠠ ᠨᠢ ᠪᠦᠬᠦᠶᠢᠯᠡ ᠴᠠᠬᠢᠯᠭᠠᠨ ᠲᠣᠤᠷ ᠤᠨ ᠠᠵᠢᠯᠯᠠᠭᠠᠨ ᠤ ᠲᠥᠪ ᠮᠡᠳᠡᠷᠡᠯ | ᠭᠡᠵᠦ ᠬᠡᠯᠡᠵᠦ ᠪᠣᠯᠤᠨ᠎ᠠ᠂ ᠬᠤᠷᠢᠨ ᠬᠡᠳᠦᠨ ᠵᠢᠯ ᠤᠨ ᠲᠤᠷᠰᠢ ᠪᠤᠰᠤᠳ ᠬᠥᠮᠦᠨ ᠪᠠᠶᠠᠷ ᠤᠨ ᠡᠳᠦᠷ ᠦᠩᠭᠡᠷᠡᠬᠦᠯᠬᠦ | ᠳᠤ ᠪᠢᠳᠡ ᠴᠠᠬᠢᠯᠭᠠᠨ ᠤ ᠬᠠᠩᠭᠠᠯᠭ᠎ᠠ ᠶᠢ ᠪᠠᠲᠤᠯᠠᠬᠤ ᠠᠵᠢᠯ ᠤᠨ ᠠᠶᠢᠵᠠᠮ ᠳᠤ ᠨᠢᠭᠡᠨᠳᠡ ᠳᠠᠳᠴᠠᠶ᠂ ᠮᠠᠨ ᠤ | ᠴᠠᠬᠢᠯᠭᠠᠨ ᠲᠣᠤᠷ ᠨᠠᠩ ᠪᠠᠲᠤ ᠴᠢᠩᠭ᠎ᠠ ᠪᠠᠶᠢᠵᠤ᠂ ᠣᠯᠠᠨ ᠢᠶᠠᠷ ᠢᠶᠠᠨ ᠬᠡᠭᠡᠨ ᠰᠠᠷᠠᠭᠤᠯ ᠣᠷᠴᠢᠨ ᠲᠣᠭᠤᠷᠢᠨ ᠳᠤ | ᠬᠡᠷ ᠤᠨ ᠬᠥᠮᠦᠰ ᠨᠠᠶᠢᠵᠠ ᠨᠠᠷ ᠲᠠᠢ ᠪᠠᠨ ᠨᠢᠭᠡ ᠲᠠᠩᠬᠢᠮ ᠳᠤ ᠴᠤᠭᠯᠠᠷᠠᠵᠤ ᠠᠮᠠᠷᠠᠯᠲᠠ ᠶᠢᠨ ᠪᠠᠶᠠᠷᠳᠤ ᠡᠳᠦᠷ ᠢᠶᠠᠨ | ᠬᠠᠮᠲᠤ ᠪᠠᠷ ᠡᠳ᠋ᠯᠡᠬᠦ ᠶᠢ ᠬᠦᠰᠡᠵᠦ ᠪᠠᠶᠢᠨ᠎ᠠ᠃︶ | ᠣᠶᠢᠯᠠᠭᠠᠭᠰᠠᠨ ᠢᠶᠠᠷ᠂ ᠲᠣᠰ ᠺᠣᠮᠫᠠᠨᠢ ᠡᠷᠲᠡᠬᠡᠨ ᠪᠠᠶᠢᠷᠢᠯᠠᠭᠤᠯᠵᠤ᠂ ᠡᠷᠲᠡᠬᠡᠨ ᠬᠥᠳᠡᠯᠦᠯᠴᠡᠵᠦ᠂ ᠪᠠᠶᠠᠷ ᠤᠨ | ᠡᠳᠦᠷ ᠠᠴᠠ ᠡᠮᠦᠨᠡᠬᠢ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠬᠤᠲᠠ ᠪᠠᠯᠭᠠᠰᠤᠨ ᠤ 10 ᠺᠢᠯᠣᠸᠣᠯᠲ ᠤᠨ | ᠴᠠᠬᠢᠯᠭᠠᠨ ᠲᠦᠭᠡᠭᠡᠬᠦ ᠱᠤᠭᠤᠮ ᠤᠨ ᠬᠥᠨᠳᠡᠶᠢᠷᠡᠭᠦᠯᠦᠭᠴᠢ 100 ᠭᠠᠷᠤᠶ ᠯᠣᠩᠬᠤ ᠰᠣᠯᠢᠵᠤ᠂ ᠲᠣᠨᠤᠭ | ᠲᠥᠬᠦᠭᠡᠷᠦᠮᠵᠢ ᠶᠢᠨ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠵᠤ᠂ ᠴᠠᠬᠢᠯᠭᠠᠨ ᠲᠣᠤᠷ᠂ | ᠲᠣᠨᠤᠭ ᠲᠥᠬᠦᠭᠡᠷᠦᠮᠵᠢ ᠶᠢᠨ ᠠᠵᠢᠯᠯᠠᠭᠠᠨ ᠤ ᠠᠶᠤᠯᠭᠦᠶ ᠶᠢ ᠪᠠᠳᠤᠯᠠᠨ᠂ ᠠᠮᠠᠷᠠᠯᠲᠠ ᠶᠢᠨ ᠬᠤᠭᠤᠴᠠᠭᠠᠨ ᠳᠤ᠂ | ᠴᠠᠬᠢᠯᠭᠠᠨ ᠬᠠᠩᠭᠠᠬᠤ ᠠᠵᠢᠯᠲᠠᠳ ᠲᠣᠭᠤᠷᠢᠨ ᠪᠠᠶᠢᠴᠠᠭᠠᠯᠲᠠ ᠶᠢ ᠰᠤᠯᠠᠷᠠᠭᠤᠯᠤᠯ ᠥᠬᠡᠶ ᠴᠢᠩᠭ᠎ᠠ ᠠᠳᠬᠤᠵᠤ᠂ | ᠵᠢᠯᠣᠭᠤᠴᠢ ᠥᠬᠡᠶ ᠨᠢᠰᠬᠡᠯ᠂ ᠪᠡᠶ᠎ᠡ ᠶᠢᠨ ᠬᠠᠯᠠᠭᠤᠨ ᠤ ᠬᠡᠮᠵᠢᠭᠦᠷᠯᠢᠭ ᠵᠡᠷᠭᠡ ᠶᠢ ᠭᠦᠶᠴᠡᠳ ᠠᠰᠢᠭᠯᠠᠨ ᠬᠠᠷᠢᠶ᠎ᠠ | ᠣᠷᠣᠨ ᠳᠠᠬᠢ ᠴᠠᠬᠢᠯᠭᠠᠨ ᠱᠤᠭᠤᠮ ᠵᠢᠴᠢ ᠲᠥᠬᠦᠭᠡᠷᠦᠮᠵᠢ ᠳᠤ ᠲᠣᠭᠤᠷᠢᠨ ᠪᠠᠶᠢᠴᠠᠭᠠᠯᠲᠠ ᠬᠢᠵᠦ᠂ ᠨᠠᠷᠢᠨ ᠬᠢᠨᠠᠮᠠᠭᠠᠶ | ᠲᠡᠮᠳᠡᠭᠯᠡᠵᠦ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠴᠠᠬᠢᠯᠭᠠᠨ ᠬᠠᠩᠭᠠᠯᠭ᠎ᠠ ᠶᠢᠨ ᠠᠮᠤᠷ ᠲᠦᠪᠰᠢᠨ | ᠲᠣᠭᠲᠠᠭᠤᠨ ᠠᠵᠢᠯᠯᠠᠭᠠᠨ ᠢ ᠦᠨᠡᠨ ᠬᠦ ᠪᠠᠳᠤᠯᠠᠵᠠᠢ᠃ | ᠴᠠᠬᠢᠯᠭᠠᠨ ᠬᠠᠩᠭᠠᠬᠤ ᠠᠵᠢᠯᠯᠠᠬᠤ ᠠᠩᠭᠢ ᠶᠢᠨ ᠭᠡᠰᠢᠬᠦᠨ ᠪᠤᠤ ᠶᠢᠨ ᠱᠠᠨ ︵ᠤᠯᠤᠰ ᠤᠨ ᠪᠠᠶᠠᠷ ᠠᠴᠠ | ᠡᠮᠦᠨ᠎ᠡ ᠪᠢᠳᠡ ᠴᠠᠭ ᠢ ᠠᠮᠵᠢᠨ ᠴᠠᠬᠢᠯᠭᠠᠨ ᠢ ᠪᠠᠳᠤᠯᠠᠬᠤ ᠠᠵᠢᠯ ᠬᠢᠵᠦ᠂ ᠴᠠᠬᠢᠯᠭᠠᠨ ᠵᠣᠭᠰᠣᠬᠤ ᠥᠬᠡᠶ ᠪᠠᠶᠢᠳᠠᠯ | ᠳᠣᠤᠷ᠎ᠠ ᠬᠡᠮ ᠰᠣᠭᠤᠭ ᠢ ᠪᠦᠬᠦᠨ ᠢ ᠠᠷᠢᠯᠭᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠮᠤᠷ ᠲᠦᠪᠰᠢᠨ | ᠢᠶᠠᠷ ᠴᠠᠬᠢᠯᠭᠠᠨ ᠬᠡᠷᠡᠭᠯᠡᠬᠦ ᠶᠢ ᠪᠠᠳᠤᠯᠠᠵᠠᠢ᠂ ᠪᠠᠶᠠᠷ ᠤᠨ ᠡᠳᠦᠷ ᠤᠨ ᠬᠤᠭᠤᠴᠠᠭᠠᠨ ᠳᠤ ᠪᠢᠳᠡ ᠪᠠᠰᠠ 24 ᠴᠠᠭ | ᠢᠶᠠᠷ ᠵᠠᠷᠯᠢᠭ ᠬᠦᠯᠢᠶᠡᠨ᠎ᠡ᠂ ᠬᠡᠳᠦᠶᠢᠪᠡᠷ ᠬᠡᠷ ᠤᠨ ᠬᠥᠮᠦᠰ ᠲᠠᠢ ᠪᠠᠨ ᠬᠠᠮᠲᠤ ᠪᠠᠶᠠᠷ ᠤᠨ ᠡᠳᠦᠷ ᠢᠶᠠᠨ ᠥᠩᠭᠡᠷᠡᠭᠡᠵᠦ | ᠳᠡᠶᠢᠯᠬᠦ ᠥᠬᠡᠶ ᠪᠣᠯᠪᠠᠴᠤ ᠥᠷᠭᠡᠨ ᠣᠯᠠᠨ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠬᠦ ᠶᠢ ᠲᠣᠭᠲᠠᠭᠤᠨ | ᠪᠠᠶᠢᠯᠭᠠᠬᠤ ᠶᠢ ᠪᠠᠲᠤᠯᠠᠬᠤ ᠨᠢ ᠮᠠᠨ ᠤ ᠴᠠᠬᠢᠯᠭᠠᠨ ᠬᠦᠴᠦᠨ ᠤ ᠬᠥᠮᠦᠰ ᠲᠤ ᠠᠪᠴᠤ ᠬᠡᠯᠡᠪᠡᠯ ᠬᠠᠮᠤᠭ ᠤᠨ ᠶᠡᠭᠡ | ᠪᠠᠶᠠᠷ ᠪᠠᠭ᠋ᠠᠳᠤᠯ ᠪᠣᠯᠤᠨ᠎ᠠ᠃︶ | ᠠᠮᠠᠷᠠᠯᠳᠠ ᠶᠢᠨ ᠬᠤᠭᠤᠴᠠᠭᠠᠨ ᠳᠤ᠂ ᠪᠠᠰᠠ 24 ᠴᠠᠭ ᠤᠨ ᠵᠢᠵᠢᠬᠦᠷᠯᠡᠭᠴᠢ ᠳᠤᠬᠢᠷᠠᠭᠤᠯᠤᠨ ᠴᠢᠮᠡᠭᠡ | ᠬᠤᠯᠪᠤᠭᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠭᠡᠨᠡᠳᠲᠡ ᠶᠢᠨ ᠪᠠᠶᠢᠳᠠᠯ ᠢ ᠲᠦᠷᠭᠡᠨ ᠪᠥᠭᠡᠳ ᠥᠨᠳᠥᠷ | ᠪᠦᠲᠦᠮᠵᠢᠲᠡᠢ ᠪᠠᠷ ᠰᠢᠢᠳᠪᠦᠷᠢᠯᠡᠬᠦ ᠶᠢ ᠪᠠᠲᠤᠯᠠᠵᠤ᠂ ᠤᠯᠤᠰ ᠤᠨ ᠪᠠᠶᠠᠷ ᠤᠨ ᠬᠤᠭᠤᠴᠠᠭᠠᠨ ᠤ ᠪᠦᠬᠦ ᠬᠤᠰᠢᠭᠤᠨ ᠤ | ᠴᠠᠬᠢᠯᠭᠠᠨ ᠤ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ᠃ |