ᠪᠠᠶᠢᠭᠠᠯᠢ ᠪᠠᠨ ᠲᠦᠰᠢᠭᠰᠡᠨ ᠮᠠᠯᠴᠢᠨ ᠵᠠᠶᠠᠭ᠎ᠠ ᠪᠠᠶᠠᠵᠢᠯ ᠳᠤ ᠬᠦᠳᠦᠯᠦᠭᠰᠡᠨ ᠵᠢᠭᠤᠯᠴᠢᠯᠠᠯ ᠤᠨ ᠦᠢᠯᠡᠰ
ᠨᠡᠶᠢᠲᠡᠯᠡᠭᠰᠡᠨ ᠴᠠᠭ᠄
2024/10/8
     ᠣᠶᠢᠷ᠎ᠠ ᠶᠢᠨ ᠵᠢᠯ ᠳᠤ᠂ ᠮᠠᠨ ᠤ ᠬᠤᠰᠢᠭᠤ ᠰᠣᠶᠣᠯ ᠵᠢᠭᠤᠯᠴᠢᠯᠠᠯ ᠤᠨ ᠦᠢᠯᠡᠰ ᠢ ᠬᠦᠴᠦᠯᠡᠨ ᠬᠦᠭᠵᠢᠬᠦᠯᠵᠦ᠂ ᠬᠥᠳᠡᠭᠡ ᠲᠣᠰᠬᠤᠨ ᠤ ᠵᠢᠭᠤᠯᠴᠢᠯᠠᠯ ᠢᠶᠠᠷ ᠤᠨᠴᠠᠯᠢᠭᠳᠤ ᠬᠡᠷ ᠪᠦᠯᠢ ᠶᠢᠨ ᠮᠠᠯᠵᠢᠯ ᠤᠨ ᠲᠠᠯᠠᠪᠠᠶ ᠎ ᠶᠢᠨ ᠬᠥᠭᠵᠢᠯᠲᠡ ᠶᠢ ᠳᠠᠶᠢᠴᠢᠯᠠᠵᠤ᠂ ᠮᠠᠯᠴᠢᠨ ᠲᠠᠷᠢᠶᠠᠴᠢᠳ ᠲᠤ ᠰᠢᠨ᠎ᠡ ᠤᠷᠤᠯᠭ᠎ᠠ ᠡᠭᠦᠳᠦᠭᠰᠡᠨ ᠶᠤᠮ᠃      ᠨᠤᠮᠢᠨ ᠭᠤᠪᠢ ᠳᠤ ᠪᠠᠨ ᠤᠭᠠᠯᠵᠠᠯᠠᠭᠰᠠᠨ ᠨᠤᠮᠤᠭᠠᠨ ᠠᠭᠤᠯᠠ ᠶᠢᠨ ᠢᠶᠠᠨ ᠡᠩᠭᠡᠷ ᠳᠦᠰᠢᠵᠦ᠂ ᠵᠢᠭᠤᠯᠴᠢᠯᠠᠯ ᠎ ᠤᠨ ᠦᠢᠯᠡᠰ ᠡᠷᠬᠢᠯᠡᠨ ᠠᠵᠤ ᠠᠮᠢᠳᠤᠷᠠᠯ ᠢᠶᠠᠨ ᠦᠭᠡᠳᠡ ᠲᠠᠢ ᠦᠩᠭᠡ ᠲᠠᠢ ᠠᠪᠴᠤ ᠶᠠᠪᠤᠭ᠎ᠠ ᠤᠷᠠᠩᠭᠤᠸ᠎ᠠ᠂ 2023 ᠣᠨ ᠠᠴᠠ ᠡᠬᠢᠯᠡᠨ ᠬᠡᠷ ᠤᠨ ᠢᠶᠠᠨ ᠡᠭᠦᠳᠡᠨ ᠳᠤ ︽ᠭᠤᠪᠢ ᠠᠶᠢᠯ︾ ᠵᠤᠴᠢᠳ ᠤᠨ ᠪᠠᠭᠤᠴᠠ ᠪᠣᠯᠤᠨ ᠬᠡᠷ ᠪᠦᠯᠢ ᠶᠢᠨ ᠮᠠᠯᠵᠢᠯ ᠤᠨ ᠲᠠᠯᠠᠪᠠᠶ ᠪᠠᠶᠢᠭᠤᠯᠵᠤ᠂ ᠳᠥᠷᠪᠡᠨ ᠵᠦᠭ ᠨᠠᠶᠮᠠᠨ ᠵᠣᠪᠬᠢᠰ ᠤᠨ ᠵᠢᠭᠤᠯᠴᠢᠳ ᠲᠤ ᠲᠡᠮᠡᠭᠡ ᠮᠠᠯᠵᠢᠬᠤ᠂ ᠢᠩᠭᠡᠨ ᠰᠦ ᠠᠮᠰᠠᠬᠤ᠂ ᠮᠣᠷᠢ ᠤᠨᠤᠵᠤ ᠰᠣᠷ ᠬᠠᠷᠪᠤᠬᠤ ᠵᠡᠷᠭᠡ ᠮᠤᠩᠭᠤᠯ ᠠᠷᠠᠳ ᠤᠨ ᠵᠠᠩ ᠦᠶᠯᠡ ᠶᠢ ᠪᠡᠶᠡᠴᠢᠯᠡᠨ ᠣᠶᠢᠯᠠᠭᠠᠬᠤ ᠪᠤᠯᠤᠮᠵᠢ ᠬᠠᠩᠭᠠᠵᠤ᠂ ᠲᠠᠯ᠎ᠠ ᠨᠤᠲᠤᠭ ᠤᠨ ᠰᠣᠶᠣᠯ ᠤᠨ ᠷᠢᠳᠢ ᠰᠢᠳᠢ ᠶᠢ ᠭᠦᠶᠴᠡᠳ ᠡᠳ᠋ᠯᠡᠭᠦᠯᠬᠦ ᠶᠢᠨ ᠬᠠᠮᠲᠤ᠂ ᠴᠡᠪᠡᠷ ᠪᠠᠶᠢᠭᠠᠯᠢᠯᠢᠭ ᠮᠢᠬ᠎ᠠ᠂ ᠴᠠᠭᠠᠨ ᠢᠳᠡᠭᠡᠨ ᠢᠶᠠᠨ ᠪᠤᠷᠤᠯᠠᠭᠤᠯᠵᠤ ᠤᠪᠤᠭᠠᠬᠠᠨ ᠤᠷᠤᠯᠭ᠎ᠠ ᠲᠠᠢ ᠠᠮᠵᠢᠯᠳᠠᠳᠠᠢ ᠬᠢᠯᠠᠷᠠᠭᠤᠯᠵᠤ ᠶᠠᠪᠤᠨ᠎ᠠ᠃      ᠰᠤᠷᠪᠤᠯᠵᠢᠯᠠᠭ᠎ᠠ᠄ ᠤᠷᠠᠩᠭᠤᠸ᠎ᠠ ︵ᠪᠢ ᠨᠤᠮᠤᠭᠠᠨ ᠠᠭᠤᠯᠠ ᠶᠢᠨ ᠬᠤᠷᠮᠣᠶ ᠳᠤ ᠠᠮᠢᠳᠤᠷᠠᠳᠠᠭ ᠪᠤᠯᠬᠤᠷ᠂ ᠵᠢᠭᠤᠯᠴᠢᠯᠠᠯ ᠤᠨ ᠦᠢᠯᠡᠰ ᠬᠢᠬᠦ ᠰᠠᠨᠠᠭ᠎ᠠ ᠤᠷᠤᠵᠤ᠂ ᠭᠡᠷ ᠢᠶᠠᠨ ᠵᠤᠴᠢᠳ ᠤᠨ ᠪᠠᠭᠤᠴᠠ ᠪᠣᠯᠭᠠᠨ ᠥᠭᠡᠷᠡᠴᠢᠯᠡᠵᠡᠶ᠂ ᠮᠠᠨ ᠤ ᠠᠳᠡ ᠢᠷᠡᠭᠰᠡᠨ ᠵᠢᠭᠤᠯᠴᠢᠳ ᠪᠠᠰᠠ ᠨᠡᠯᠢᠶᠡᠳ ᠣᠯᠠᠨ᠂ ᠣᠯᠠᠨ ᠢᠶᠠᠷ ᠢᠶᠠᠨ ᠬᠠᠷᠢᠯᠴᠠᠨ ᠲᠠᠨᠢᠯᠴᠠᠭᠤᠯᠵᠤ᠂ ᠸᠢᠴᠠᠲ ᠳᠡᠭᠡᠷ᠎ᠡ ᠥᠷᠥᠭᠡ ᠵᠠᠬᠢᠶᠠᠯᠠᠴᠢᠬᠠᠨ᠎ᠠ᠂ ᠣᠳᠣ 10 ᠰᠠᠷ᠎ᠠ ᠶᠢᠨ ᠠᠮᠠᠷᠠᠯᠳᠠ ᠶᠢᠨ ᠬᠤᠭᠤᠴᠠᠭᠠᠨ ᠤ ᠦᠷᠦᠭᠡ ᠎ ᠶᠢ ᠪᠦᠷ ᠵᠠᠬᠢᠶᠠᠯᠠᠵᠤ ᠳᠠᠭᠤᠰᠴᠠᠶ᠃ ᠵᠢᠭᠤᠯᠴᠢᠯᠠᠯ ᠬᠢᠵᠦ ᠡᠬᠢᠯᠡᠭᠰᠡᠨ ᠠᠴᠠ ᠣᠳᠣ ᠪᠣᠯᠲᠠᠯ᠎ᠠ ᠨᠢᠭᠡᠨᠲᠡ ᠳᠠᠯᠠ ᠨᠠᠶᠠᠨ ᠪᠦᠯᠦᠭ ᠬᠥᠮᠦᠨ ᠢᠷᠡᠵᠦ ᠰᠠᠭᠤᠵᠤ᠂ ᠪᠠᠷᠤᠭ 9 ᠲᠦᠮᠡᠨ ᠲᠦᠭᠦᠷᠢᠭ ᠤᠨ ᠤᠷᠤᠯᠭ᠎ᠠ ᠡᠬᠦᠳᠴᠡᠢ᠃︶      ᠠᠵᠢᠯᠴᠢ ᠮᠠᠯᠴᠢᠨ ᠤᠳᠤᠮ ᠢᠶᠠᠨ ᠵᠠᠯᠭᠠᠵᠤ ᠠᠮᠢᠳᠤᠷᠠᠯ ᠤᠨ ᠪᠠᠶᠠᠯᠢᠭ ᠳᠤᠷᠰᠢᠯᠭ᠎ᠠ ᠦᠪᠯᠡᠭᠰᠡᠨ ᠤᠷᠠᠩᠭᠤᠸ᠎ᠠ᠂ ᠵᠢᠭᠤᠯᠴᠢᠯᠠᠯ ᠤᠨ ᠭᠠᠵᠠᠷ ᠲᠤ ᠪᠠᠨ ᠪᠦᠬᠦᠯᠢ ᠰᠢᠭᠦᠰᠦ ᠶᠢᠨ ᠳᠠᠶᠢᠯᠠᠯᠭ᠎ᠠ ᠳᠠᠯᠪᠢᠵᠤ᠂ ᠨᠢᠭᠡ ᠬᠤᠨᠢ ᠶᠢ 5000 ᠲᠦᠭᠦᠷᠢᠭ ᠲᠤ ᠬᠦᠷᠭᠡᠳᠡᠭ ᠢᠶᠠᠷ ᠪᠠᠷᠠᠬᠤ ᠦᠬᠡᠢ᠂ ᠰᠢᠨ᠎ᠡ ᠰᠤᠷᠭᠤᠭ ᠰᠦᠨᠢᠳ ᠬᠤᠨᠢᠨ ᠮᠢᠬ᠎ᠠ ᠪᠠᠨ ᠠᠶᠠᠨᠴᠢᠨ ᠵᠢᠭᠤᠯᠴᠢᠳ ᠲᠤ ᠠᠮᠰᠠᠭᠤᠯᠤᠨ᠂ ᠸᠢᠴᠠᠲ ᠵᠠᠬᠢᠶᠠᠯᠠᠭ᠎ᠠ ᠪᠠᠶᠢᠩᠭᠤ ᠳᠤᠰᠳᠠᠭ ᠠᠴᠠ ᠦᠪᠡᠷ ᠤᠨ ᠬᠤᠨᠢ ᠪᠠᠨ ᠵᠠᠬ᠎ᠠ ᠳᠡᠯᠭᠡᠭᠦᠷ ᠤᠨ ᠦᠨ᠎ᠡ ᠠᠴᠠ ᠨᠢᠭᠡ ᠳᠠᠬᠢᠨ ᠦᠨᠳᠦᠷ ᠦᠨ᠎ᠡ ᠪᠠᠷ ᠪᠤᠷᠤᠯᠠᠭᠤᠯᠵᠤ᠂ ᠵᠢᠯ ᠤᠨ ᠣᠷᠣᠯᠭ᠎ᠠ 15 ᠲᠦᠮᠡᠨ ᠲᠥᠭᠦᠷᠢᠭ ᠲᠤ ᠬᠦᠷᠴᠡᠶ᠃ ᠭᠤᠪᠢ ᠶᠢᠨ ᠪᠦᠰᠡᠬᠦᠢ ᠶᠢᠨ ᠬᠠᠯᠠᠭᠤᠮᠰᠤᠭ ᠦᠶᠯᠡᠴᠢᠯᠡᠭᠡ ᠪᠠ ᠳᠠᠪᠠ ᠳᠤᠬᠠᠳᠠᠢ ᠤᠷᠤᠨ ᠰᠠᠭᠤᠴᠠ᠂ ᠪᠦᠲᠦᠭᠡᠨ ᠪᠠᠶᠢᠭᠤᠯᠤᠯᠳᠠ ᠪᠠᠷ ᠢᠶᠠᠨ ᠵᠢᠭᠤᠯᠴᠢᠨ ᠤᠯᠠᠨ ᠤ ᠬᠦᠷᠢᠶᠡᠯᠡᠯ ᠢ ᠤᠯᠵᠤ᠂ ᠨᠢᠬᠡ ᠠᠴᠠ ᠠᠷᠪᠠ᠂ ᠠᠷᠪᠠ ᠠᠴᠠ ᠵᠠᠭᠤ ᠎ ᠳᠤ ᠳᠠᠮᠵᠢᠭᠳᠠᠭᠰᠠᠭᠠᠷ ᠡᠳᠡᠨᠡᠶᠢᠬᠢ ᠶᠢ ᠵᠤᠷᠢᠳᠠᠭ ᠵᠢᠭᠤᠯᠴᠢᠨ ᠤᠯᠠᠮ ᠢᠶᠠᠷ ᠤᠯᠠᠰᠢᠷᠠᠨ᠂ ᠤᠷᠠᠩᠭᠤᠸ᠎ᠠ ᠴᠦ ᠪᠠᠶᠠᠯᠢᠭ ᠨᠤᠳᠤᠭ ᠤᠨ ᠢᠶᠠᠨ ᠠᠴᠢ ᠪᠤᠶᠠᠨ ᠢ ᠭᠠᠭᠴᠠᠭᠠᠷ ᠡᠳ᠋ᠯᠡᠬᠦ ᠶᠢ ᠰᠠᠨᠠᠭᠰᠠᠨ ᠦᠭᠡᠢ ᠳᠡᠷᠭᠡᠳᠡᠬᠢ ᠮᠠᠯᠴᠢᠨ ᠤᠯᠠᠨ ᠢᠶᠠᠨ ᠳᠠᠭᠠᠭᠤᠯᠤᠨ ᠤᠷᠤᠯᠭ᠎ᠠ ᠶᠢ ᠨᠢ ᠨᠡᠮᠡᠭᠳᠡᠬᠦᠯᠦᠨ᠂ ᠪᠠᠶᠠᠵᠢᠯ ᠤᠨ ᠬᠠᠷᠭᠤᠢ ᠳᠤ ᠲᠦᠷᠦᠭᠡ ᠬᠠᠷᠰᠢᠭᠤᠯᠤᠨ ᠭᠠᠯᠭᠢᠭᠤᠯᠵᠤ ᠪᠠᠶᠢᠨ᠎ᠠ᠃      ᠰᠤᠷᠪᠤᠯᠵᠢᠯᠠᠭ᠎ᠠ᠄ ᠤᠷᠠᠩᠭᠤᠸ᠎ᠠ ︵ᠵᠢᠭᠤᠯᠴᠢᠯᠠᠯ ᠬᠢᠬᠦ ᠨᠢ ᠮᠢᠨᠦ ᠠᠮᠢᠳᠤᠷᠠᠯ ᠢ ᠰᠠᠶᠢᠵᠢᠷᠠᠭᠤᠯᠤᠭᠰᠠᠨ ᠢᠶᠠᠷ ᠪᠠᠷᠠᠬᠤ ᠦᠬᠡᠢ ᠳᠡᠷᠭᠡᠳᠡᠬᠢ ᠮᠠᠰᠢ ᠣᠯᠠᠨ ᠮᠠᠯᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ ᠪᠠᠶᠢᠨ᠎ᠠ᠂ ᠲᠡᠳᠡᠨ ᠤ ᠮᠣᠷᠢ ᠶᠢ ᠠᠳᠡ ᠠᠪᠴᠢᠷᠠᠵᠤ᠂ ᠵᠢᠭᠤᠯᠴᠢᠳ ᠲᠤ ᠤᠨᠤᠭᠤᠯᠵᠤ ᠨᠠᠭᠠᠳᠤᠭᠤᠯᠬᠤ ᠶᠢᠨ ᠬᠠᠮᠲᠤ ᠮᠠᠨ ᠤ ᠠᠳᠤᠭᠤᠨ ᠰᠣᠶᠣᠯ ᠢ ᠤᠶᠢᠯᠭᠠᠭᠤᠯᠵᠤ ᠪᠠᠶᠢᠨ᠎ᠠ᠃︶      ᠤᠷᠠᠩᠭᠤᠸ᠎ᠠ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠮᠠᠯ ᠠᠵᠤ ᠠᠬᠤᠢ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠠᠮ ᠢᠶᠠᠷ ᠵᠤᠷᠢᠭᠳᠠᠢ ᠵᠠᠮᠨᠠᠵᠤ᠂ ᠮᠠᠯᠴᠢᠨ ᠲᠦᠮᠡᠨ ᠢᠶᠠᠨ ᠪᠠᠶᠠᠵᠢᠯ ᠳᠤ ᠳᠠᠶᠢᠴᠢᠯᠠᠨ᠂ ᠬᠦᠳᠡᠭᠡ ᠨᠤᠳᠤᠭ ᠢᠶᠠᠨ ᠬᠦᠭᠵᠢᠯ ᠳᠤ ᠬᠦᠳᠦᠯᠵᠦ᠂ ᠮᠠᠯᠴᠢᠨ ᠠᠷᠠᠳ ᠤᠨ ᠰᠤᠶᠤᠯ ᠵᠠᠩ ᠦᠢᠯᠡ ᠶᠢ ᠤᠯᠠᠮ ᠤᠯᠠᠨ ᠬᠦᠮᠦᠨ ᠳᠤ ᠳᠠᠨᠢᠭᠤᠯᠬᠤ ᠡᠷᠬᠢᠮ ᠦᠢᠯᠡ ᠳᠤ ᠵᠢᠳᠬᠦᠵᠦ ᠶᠠᠪᠤᠭ᠎ᠠ ᠡᠭᠡᠯ ᠵᠢᠷ ᠤᠨ ᠮᠠᠯᠴᠢᠨ ᠪᠦᠰᠡᠬᠦᠢ ᠶᠤᠮ᠃      ᠰᠤᠷᠪᠤᠯᠵᠢᠯᠠᠭ᠎ᠠ᠄ ᠣᠷᠠᠩᠭᠤᠸ᠎ᠠ ︵ᠲᠠᠷᠠᠭᠠᠴᠢ ᠶᠢᠨ ᠠᠯᠬᠤᠮ ᠳᠤ ᠪᠢ ᠪᠠᠰᠠ ᠪᠠᠯᠠ ᠮᠥᠩᠭᠦ ᠣᠷᠣᠭᠤᠯᠵᠤ᠂ ᠰᠠᠭᠤᠷᠢ ᠲᠥᠬᠦᠭᠡᠷᠦᠮᠵᠢ ᠪᠠᠨ ᠰᠠᠶᠢᠵᠢᠷᠠᠭᠤᠯᠤᠨ᠂ ᠪᠡᠶᠡᠴᠢᠯᠡᠨ ᠣᠶᠢᠯᠠᠭᠠᠬᠤ ᠮᠠᠶ᠋ᠢᠭ ᠤᠨ ᠵᠢᠭᠤᠯᠴᠢᠯᠠᠯ ᠢ ᠴᠣᠭᠴᠠᠯᠠᠵᠤ᠂ ᠵᠢᠭᠤᠯᠴᠢᠯᠠᠭᠰᠠᠳ ᠲᠤ ᠮᠠᠯᠴᠢᠳ ᠤᠨ ᠢᠶᠠᠨ ᠠᠮᠢᠳᠤᠷᠠᠯ ᠢ ᠣᠶᠢᠯᠠᠭᠠᠭᠤᠯᠬᠤ ᠪᠠᠷ ᠲᠥᠯᠥᠪᠯᠡᠵᠦ ᠪᠠᠶᠢᠨ᠎ᠠ᠃︶
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号