ᠦᠷᠭᠡᠨᠳᠡᠯ᠎ᠡ ᠪᠠᠯᠭᠠᠰᠤ ︽ᠪᠣᠯᠪᠠᠰᠤᠨ ᠦᠢᠯᠡᠳᠦᠯᠬᠡ ᠦᠷᠨᠢᠬᠦᠯᠵᠦ ᠰᠢᠨ᠎ᠡ ᠬᠡᠪ ᠰᠤᠷᠳᠠᠯ ᠢᠶᠠᠷ ᠰᠢᠨ᠎ᠡ ᠲᠦᠷᠢ ᠲᠦᠷᠬᠦ ᠶᠢ ᠪᠤᠢ ᠪᠤᠯᠭᠠᠬᠤ︾ ᠭᠤᠤᠯ ᠰᠡᠳᠦᠪᠳᠦ ᠠᠵᠢᠯᠯᠠᠭ᠎ᠠ ᠵᠢᠴᠢ ᠠᠵᠢᠯ ᠤᠨ ᠴᠢᠯᠦᠬᠡᠨ ᠤ ᠤᠯᠠᠭᠠᠨᠮᠦ᠋ᠴᠢᠷ ᠤᠨ ᠳᠠᠭᠤᠨ ᠤ ᠤᠷᠤᠯᠳᠤᠭᠠᠨ ᠡᠷᠬᠢᠯᠡᠨ ᠶᠠᠪᠤᠭᠳᠠᠭᠤᠯᠤᠭᠰᠠᠨ
ᠨᠡᠶᠢᠲᠡᠯᠡᠭᠰᠡᠨ ᠴᠠᠭ᠄
2024/10/8

     ᠤᠯᠤᠰ ᠤᠨ ᠪᠠᠶᠠᠷ ᠢᠶᠠᠨ ᠪᠡᠯᠭᠡᠯᠡᠨ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂

ᠪᠥᠬᠦ ᠪᠠᠯᠭᠠᠰᠤᠨ ᠤ ᠨᠡᠶᠢᠭᠡᠮ ᠤᠨ ᠪᠣᠯᠪᠠᠰᠤᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠤᠶᠢᠷ᠎ᠠ

 ᠶᠢᠨ ᠡᠳᠦᠷ᠂ ᠦᠷᠭᠡᠨᠳᠡᠯ᠎ᠡ ᠪᠠᠯᠭᠠᠰᠤ ︽ᠪᠣᠯᠪᠠᠰᠤᠨ ᠦᠢᠯᠡᠳᠦᠯᠬᠡ ᠦᠷᠨᠢᠬᠦᠯᠵᠦ ᠰᠢᠨ᠎ᠡ ᠬᠡᠪ ᠰᠤᠷᠳᠠᠯ ᠢᠶᠠᠷ ᠰᠢᠨ᠎ᠡ

ᠲᠦᠷᠢ ᠲᠦᠷᠬᠦ ᠶᠢ ᠪᠤᠢ ᠪᠤᠯᠭᠠᠬᠤ︾ ᠭᠤᠤᠯ ᠰᠡᠳᠦᠪᠳᠦ ᠠᠵᠢᠯᠯᠠᠭ᠎ᠠ ᠵᠢᠴᠢ ᠠᠵᠢᠯ ᠤᠨ ᠴᠢᠯᠦᠬᠡᠨ ᠤ

ᠤᠯᠠᠭᠠᠨᠮᠦ᠋ᠴᠢᠷ ᠤᠨ ᠳᠠᠭᠤᠨ ᠤ ᠤᠷᠤᠯᠳᠤᠭᠠᠨ ᠡᠷᠬᠢᠯᠡᠨ ᠶᠠᠪᠤᠭᠳᠠᠭᠤᠯᠤᠭᠰᠠᠨ ᠪᠠᠶᠢᠨ᠎ᠠ᠃

     ᠠᠵᠢᠯᠯᠠᠭᠠᠨ ᠤ ᠡᠬᠢᠨ ᠳᠤ ︽ᠠᠮᠢ ᠠᠬᠤᠶ ᠶᠢᠨ ᠪᠣᠯᠪᠠᠰᠤᠨ᠂ ᠠᠵᠢᠯᠴᠢ ᠬᠥᠳᠡᠯᠮᠦᠷᠢᠴᠢ ᠪᠠᠷ ᠪᠠᠶᠠᠵᠢᠬᠤ᠂

ᠨᠠᠰᠤᠲᠠᠨ ᠢᠶᠠᠨ ᠠᠴᠢᠯᠠᠵᠤ ᠨᠢᠯᠬᠠᠰ ᠢᠶᠠᠨ ᠬᠠᠶᠢᠷᠠᠯᠠᠬᠤ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ᠂

ᠬᠡᠷ ᠤᠨ ᠰᠤᠷᠲᠠᠯ ᠰᠠᠶᠢᠨ︾ ᠵᠡᠷᠭᠡ ᠵᠢᠱᠢᠶᠡᠴᠢ ᠡᠷᠦᠬᠡ ᠪᠠ ᠬᠠᠪᠰᠤᠷᠤᠨ ᠬᠦᠢᠴᠡᠳᠭᠡᠵᠦ ᠤᠷᠤᠯᠠᠨ ᠬᠦᠢᠴᠡᠳᠭᠡᠭᠴᠢ

 ᠶᠢ ᠱᠠᠩᠨᠠᠨ ᠬᠥᠬᠢᠭᠦᠯᠵᠦ᠂ ᠤᠯᠠᠨ ᠤ ᠬᠡᠷ ᠪᠦᠯᠢ ᠶᠢᠨ ᠤᠯᠠᠮᠵᠢᠯᠠᠯᠲᠤ ᠰᠠᠶᠢᠨ ᠰᠠᠶᠢᠬᠠᠨ ᠶᠣᠰᠣ ᠮᠣᠷᠠᠯ ᠢ ᠤᠯᠠᠮ

 ᠢᠶᠠᠷ ᠪᠠᠳᠠᠷᠠᠭᠤᠯᠵᠤ᠂ ᠪᠣᠯᠪᠠᠰᠤᠨ ᠡᠶ᠎ᠡ ᠵᠣᠬᠢᠴᠠᠯ ᠲᠠᠢ ᠬᠡᠷ ᠪᠦᠯᠢ ᠶᠢᠨ ᠰᠤᠷᠲᠠᠯ ᠪᠠ ᠪᠤᠰᠤᠳ ᠢ ᠬᠠᠪᠰᠤᠷᠬᠤ ᠪᠠᠷ

ᠵᠢᠷᠭᠠᠯ ᠢᠶᠠᠨ ᠪᠣᠯᠭᠠᠬᠤ᠂ ᠪᠦᠯᠬᠦᠮᠳᠡᠯ ᠲᠠᠢ ᠡᠶ᠎ᠡ ᠨᠠᠶᠢᠷᠲᠠᠶ ᠨᠡᠶᠢᠭᠡᠮ ᠨᠡᠶᠢᠲᠡ ᠶᠢᠨ ᠶᠣᠰᠣ ᠮᠣᠷᠠᠯ᠂ ᠨᠠᠰᠤᠲᠠᠨ ᠢᠶᠠᠨ

ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠬᠥᠷᠰᠢ ᠵᠡᠷᠭᠡᠯᠡᠳᠡᠭᠡ ᠪᠠᠷ ᠢᠶᠠᠨ ᠪᠦᠯᠬᠦᠮᠳᠡᠭᠰᠡᠨ ᠰᠢᠨ᠎ᠡ ᠴᠠᠭ ᠦᠶ᠎ᠡ

 ᠶᠢᠨ ᠰᠠᠶᠢᠨ ᠰᠠᠶᠢᠬᠠᠨ ᠰᠤᠷᠳᠠᠯ ᠢ ᠰᠠᠨᠠᠭᠠᠴᠢᠯᠠᠵᠤ᠂ ᠥᠯᠢᠭᠡᠷ ᠳᠠᠭᠤᠷᠢᠶᠠᠯ ᠤᠨ ᠬᠦᠴᠦᠨ ᠢ ᠨᠢᠭᠲᠠᠷᠠᠭᠤᠯᠤᠨ᠂

ᠢᠳᠡᠪᠬᠢ ᠬᠦᠴᠦᠨ ᠢ ᠳᠠᠮᠵᠢᠭᠤᠯᠵᠤ᠂ ᠪᠣᠯᠪᠠᠰᠤᠨ ᠰᠢᠨ᠎ᠡ ᠰᠤᠷᠲᠠᠯ ᠢ ᠪᠣᠶ ᠪᠣᠯᠭᠠᠬᠤ ᠶᠢ ᠵᠤᠷᠢᠭᠵᠢᠭᠤᠯᠵᠠᠢ᠃

     ᠠᠵᠢᠯ ᠤᠨ ᠴᠢᠯᠦᠬᠡᠨ ᠤ ᠤᠯᠠᠭᠠᠨᠮᠦ᠋ᠴᠢᠷ ᠤᠨ ᠳᠠᠭᠤᠨ ᠤ ᠤᠷᠤᠯᠳᠤᠭᠠᠨ ᠳᠤ ᠦᠷᠭᠡᠨᠳᠡᠯ᠎ᠡ ᠪᠠᠯᠭᠠᠰᠤᠨ ᠤ 9

ᠭᠠᠴᠠᠭ᠎ᠠ᠂ 2 ᠨᠡᠶᠢᠭᠡᠮ ᠲᠣᠭᠤᠷᠢᠭ ᠤᠨ 10 ᠳᠠᠭᠤᠴᠢᠨ ᠢᠳᠡᠪᠬᠢᠯᠡᠨ ᠤᠷᠤᠯᠴᠠᠵᠤ᠂ ᠮᠢᠩᠭᠠᠨ ᠮᠡᠷᠭᠡᠵᠢᠯ ᠤᠨ

ᠡᠵᠡᠨ ᠮᠠᠯᠴᠢᠨ ᠬᠦᠮᠦᠨ ᠤ ᠤᠷ᠎ᠠ ᠠᠪᠢᠶᠠᠰ ᠢ ᠪᠠᠳᠠᠷᠠᠭᠤᠯᠤᠨ ᠬᠤᠷᠠᠭᠰᠠᠨ ᠤᠯᠠᠨ ᠳᠤ ᠤᠶᠠᠩᠭ᠎ᠠ ᠳᠠᠭᠤᠤ ᠪᠠᠨ

ᠡᠷᠬᠦᠨ᠂ ᠬᠠᠯᠠᠭᠤᠨ ᠠᠯᠠᠭ᠎ᠠ ᠳᠠᠰᠢᠯᠳᠠ ᠶᠢ ᠤᠯᠤᠯ᠎ᠠ᠃ ᠤᠷᠤᠯᠳᠤᠭᠠᠨ ᠤ ᠡᠴᠦᠰ ᠲᠤ ᠪᠠᠶᠠᠨᠴᠢᠯᠠᠭᠤ ᠭᠠᠴᠠᠭᠠᠨ ᠤ

ᠪᠠᠭᠠᠨ᠎ᠠ ᠨᠢᠭᠡᠳᠦᠭᠡᠷ ᠳᠡᠰ᠂ ᠴᠠᠩᠳᠤᠰᠢᠯᠢ ᠭᠠᠴᠠᠭᠠᠨ ᠤ ᠴᠣᠭᠲᠤ᠂ ᠨᠠᠷᠠᠨᠪᠤᠯᠠᠭ ᠭᠠᠴᠠᠭᠠᠨ ᠤ ᠵᠠᠨ᠎ᠠ ᠬᠤᠶᠠᠳᠤᠭᠠᠷ

ᠳᠡᠰ᠂ ᠨᠠᠷᠠᠨᠪᠤᠯᠠᠭ ᠭᠠᠴᠠᠭᠠᠨ ᠤ ᠨᠠᠷᠠᠨᠬᠤᠸᠠᠷ᠂ ᠴᠠᠩᠳᠤᠰᠢᠯᠢ ᠭᠠᠴᠠᠭᠠᠨ ᠤ ᠥᠯᠵᠡᠶᠢᠪᠠᠲᠤ ᠪᠠᠶ᠋ᠬᠠᠤᠪᠤᠭ᠎ᠠ ᠭᠠᠴᠠᠭᠠᠨ

 ᠤ ᠨᠠᠴᠢᠨᠱᠤᠩᠬᠤᠷ ᠭᠤᠷᠪᠠᠳᠤᠭᠠᠷ ᠳᠡᠰ ᠲᠤ ᠳᠤᠰ ᠳᠤᠰ ᠳᠤᠳᠤᠷᠠᠵᠠᠢ᠃

     ᠠᠵᠢᠯᠯᠠᠭᠠᠨ ᠤ ᠲᠤᠬᠠᠶ ᠶᠢᠨ ᠲᠠᠯᠠᠪᠠᠶ ᠳᠤ ᠪᠠᠰᠠ  ᠡᠳ᠋ ᠪᠣᠳᠠᠰ ᠢ ᠳᠠᠬᠢᠨ ᠠᠰᠢᠭᠯᠠᠬᠤ᠂ ᠬᠠᠭᠤᠴᠢᠨ ᠪᠣᠳᠠᠰ

 ᠢ ᠦᠭᠡᠷᠡᠴᠢᠯᠡᠵᠦ ᠬᠠᠶᠠᠭᠳᠠᠮᠠᠯ ᠪᠤᠳᠠᠰ ᠢᠶᠠᠷ ᠭᠠᠷ ᠤᠷᠠᠯᠠᠯ ᠬᠢᠬᠦ᠂ ᠤᠷᠠᠨ ᠪᠢᠴᠢᠯᠭᠡ ᠶᠢᠨ ᠠᠵᠢᠯᠯᠠᠭ᠎ᠠ᠂ ᠤᠩᠰᠢᠯᠭ᠎ᠠ

 ᠶᠢᠨ ᠠᠵᠢᠯᠯᠠᠭ᠎ᠠ᠂ ᠬᠠᠭᠤᠴᠢᠨ ᠨᠤᠮ ᠢᠶᠠᠨ ᠬᠠᠨᠳᠢᠪᠯᠠᠬᠤ᠂ ︽ᠵᠢᠵᠢᠭᠭᠡᠨ ᠬᠦᠰᠡᠯ︾ ᠴᠤᠭᠯᠠᠭᠤᠯᠬᠤ ᠵᠡᠷᠭᠡ

ᠤᠴᠢᠷᠳᠠᠢ ᠠᠵᠢᠯᠯᠠᠭ᠎ᠠ ᠨᠤᠭᠤᠳ ᠢ ᠵᠤᠬᠢᠶᠠᠨ ᠪᠠᠶᠢᠭᠤᠯᠤᠨ ᠦᠷᠨᠢᠬᠦᠯᠵᠦ᠂ ᠨᠡᠶᠢᠭᠡᠮ ᠤᠨ ᠪᠣᠯᠪᠠᠰᠤᠨ ᠤ ᠰᠢᠨ᠎ᠡ ᠬᠡᠪ

ᠰᠤᠷᠲᠠᠯ ᠢ ᠪᠠᠳᠠᠷᠠᠭᠤᠯᠤᠨ᠂ ᠠᠷᠠᠳ ᠤᠯᠠᠨ ᠤ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠨ᠂ ᠬᠠᠷᠢᠶ᠎ᠠ ᠣᠷᠣᠨ

 ᠤ ᠡᠶ᠎ᠡ ᠵᠣᠬᠢᠴᠠᠯ ᠢ ᠠᠬᠢᠭᠤᠯᠬᠤ ᠶᠢᠨ ᠲᠥᠯᠥᠭᠡ᠂ ᠥᠷᠭᠡᠨᠲᠠᠯ᠎ᠠ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ

ᠦᠶᠯᠡᠳᠦᠯᠭᠡ ᠶᠢᠨ ᠰᠠᠯᠪᠤᠷᠢ ᠠᠴᠠ ᠪᠠᠰᠠ ︽ᠪᠣᠯᠪᠠᠰᠤᠨ ᠢ ᠡᠷᠬᠢᠮᠯᠡᠵᠦ ᠰᠢᠨ᠎ᠡ ᠰᠤᠷᠲᠠᠯ ᠢ ᠪᠣᠶ ᠪᠣᠯᠭᠠᠬᠤ︾

ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠵᠡᠢ᠃

     ᠬᠠᠮᠤᠭ ᠰᠡᠭᠦᠯ ᠳᠤ᠂ ᠬᠤᠰᠢᠭᠤ ᠰᠣᠶᠣᠯ ᠤᠨ ᠣᠷᠳᠣᠨ ᠤ ᠠᠰᠠᠷ ᠤᠷᠠᠯᠢᠭ ᠤᠨ ᠪᠦᠯᠬᠦᠮ ᠤᠨ ᠠᠷᠠᠳ ᠤᠨ

ᠤᠷᠠᠯᠢᠭ ᠤᠨ ᠳᠤᠭᠯᠠᠯᠳᠠ ᠪᠠᠷ ᠠᠵᠢᠯᠯᠠᠭ᠎ᠠ ᠶᠢ ᠦᠨᠳᠦᠷᠯᠡᠬᠦᠯᠵᠡᠢ᠃

     ᠠᠵᠢᠯᠯᠠᠭ᠎ᠠ ᠶᠢ ᠦᠷᠭᠡᠨᠳᠡᠯ᠎ᠡ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ᠂ ᠬᠤᠰᠢᠭᠤ ᠰᠢᠨ᠎ᠡ

ᠴᠠᠭ ᠦᠶ᠎ᠡ ᠶᠢᠨ ᠪᠤᠯᠪᠠᠰᠤᠨ ᠦᠢᠯᠡᠳᠦᠯᠬᠡ ᠶᠢᠨ ᠲᠦᠪ᠂ ᠦᠷᠭᠡᠨᠳᠡᠯ᠎ᠡ ᠪᠠᠯᠭᠠᠰᠤᠨ ᠤ ᠰᠢᠨ᠎ᠡ ᠴᠠᠭ ᠦᠶ᠎ᠡ ᠶᠢᠨ

ᠪᠣᠯᠪᠠᠰᠤᠨ ᠤ ᠦᠶᠯᠡᠳᠦᠯᠭᠡ ᠶᠢᠨ ᠰᠠᠯᠪᠤᠷᠢ ᠬᠠᠮᠳᠤᠷᠠᠨ ᠡᠷᠬᠢᠯᠡᠭᠰᠡᠨ ᠪᠠᠶᠢᠨ᠎ᠠ᠃

 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号