2024 ᠣᠨ ᠳᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠣᠨᠴᠠᠯᠢᠭᠲᠤ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/11/10
     ᠨᠢᠭᠡ᠂ ᠬᠡᠷᠡᠭᠵᠢᠭᠦᠯᠬᠦ ᠬᠡᠪᠴᠢᠶ᠎ᠡ      ᠪᠦᠬᠦ ᠣᠷᠣᠨ ᠤ 12 ᠠᠶᠢᠮᠠᠭ ᠬᠤᠲᠠ᠂ ᠲᠥᠯᠥᠪᠯᠡᠭᠡ ᠳᠤ ᠠᠰ ᠲᠤᠨᠢ ᠵᠢᠭᠰᠠᠭᠠᠭᠰᠠᠨ 2 ᠬᠤᠲᠠ᠃      ᠬᠤᠶᠠᠷ᠂ ᠨᠥᠬᠦᠪᠥᠷᠢ ᠥᠭᠬᠦ ᠡᠲᠡᠭᠡᠳ      ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠶᠢ ᠰᠢᠨ᠎ᠡ ᠪᠠᠷ ᠪᠠᠶᠢᠭᠤᠯᠵᠤ᠂ ᠥᠭᠡᠷᠡᠴᠢᠯᠡᠨ ᠳᠡᠰ ᠳᠡᠪᠰᠢᠭᠦᠯᠬᠦ ᠣᠨᠴᠠᠯᠢᠭᠲᠤ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠳᠤ᠂ ᠳᠣᠣᠷᠠᠬᠢ ᠨᠥᠬᠦᠴᠡᠯ ᠳᠤ ᠨᠡᠶᠢᠴᠡᠭᠰᠡᠨ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ᠄      1. 2022 ᠣᠨ ᠤ 1 ᠰᠠᠷ᠎ᠠ ᠶᠢᠨ 1 ᠤ ᠡᠳᠦᠷ ᠠᠴᠠ ᠬᠤᠶᠢᠰᠢ ᠡᠬᠢᠯᠡᠨ ᠪᠦᠲᠦᠭᠡᠨ ᠪᠠᠶᠢᠭᠤᠯᠤᠨ᠎ᠠ︔ ᠰᠠᠭᠠᠯᠢ ᠶᠢᠨ ᠬᠤᠨᠢ ︵ᠰᠠᠯᠢᠵᠤ᠂ ᠵᠡᠭᠦᠨ ᠹᠷᠢᠱᠧᠩ ᠵᠡᠷᠭᠡ ᠲᠤᠰᠬᠠᠶ ᠡᠭᠦᠯᠳᠡᠷ︶ ᠶᠢᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ︔ ᠲᠡᠮᠡᠭᠡ᠂ ᠠᠳᠤᠭᠤ ᠲᠡᠵᠢᠭᠡᠨ ᠦᠷᠡᠵᠢᠭᠦᠯᠬᠦ ᠲᠠᠯᠠᠪᠠᠢ᠄ 2022 ᠣᠨ ᠤ 1 ᠰᠠᠷ᠎ᠠ ᠶᠢᠨ 1 ᠤ ᠡᠳᠦᠷ ᠠᠴᠠ ᠬᠤᠶᠢᠰᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠪᠤᠶᠤ ᠥᠭᠡᠷᠡᠴᠢᠯᠡᠨ ᠳᠡᠰ ᠳᠡᠪᠰᠢᠭᠦᠯᠬᠦ ᠲᠠᠯᠠᠪᠠᠢ︔      2. ᠲᠡᠵᠢᠭᠡᠨ ᠦᠷᠡᠵᠢᠭᠦᠯᠬᠦ ᠲᠠᠯᠠᠪᠠᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠳᠠᠭᠤᠰᠬᠠᠵᠤ᠂ ᠲᠡᠵᠢᠭᠡᠵᠦ ᠪᠠᠶᠢᠭ᠎ᠠ ᠬᠡᠪᠴᠢᠶ᠎ᠡ᠂ ᠰᠦ ᠶᠢᠨ ᠭᠠᠷᠤᠯᠲᠠ ᠨᠢ ᠨᠥᠬᠦᠪᠥᠷᠢ ᠥᠭᠬᠦ ᠱᠠᠭᠠᠷᠳᠠᠯᠭ᠎ᠠ ᠳᠤ ᠬᠦᠷᠪᠡ︔      3. ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠳᠤ ᠨᠡᠶᠢᠴᠡᠵᠦ᠂ ᠮᠠᠯ ᠠᠵᠤ ᠠᠬᠤᠶ ᠮᠠᠯ ᠡᠮᠨᠡᠯᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠣᠯᠭᠤᠭᠰᠠᠨ ︽ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠬᠢᠷᠢ ᠲᠡᠩᠴᠡᠭᠰᠡᠨ ᠦᠨᠡᠮᠯᠡᠯ︾ ᠲᠠᠢ ᠪᠠᠶᠢᠬᠤ︔      4. ︽ᠮᠠᠯ ᠵᠢᠭᠦᠷᠲᠡᠨ ᠤ ᠢᠯᠭᠠᠬᠤ ᠲᠡᠮᠳᠡᠭ ᠪᠠ ᠲᠡᠵᠢᠭᠡᠨ ᠦᠷᠡᠵᠢᠭᠦᠯᠬᠦ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠵᠤ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠣᠷᠣᠯᠠᠬᠤ ᠨᠣᠮᠧᠷ ᠢ ᠣᠯᠵᠤ᠂ ᠲᠡᠵᠢᠭᠡᠨ ᠦᠷᠡᠵᠢᠭᠦᠯᠬᠦ ᠬᠡᠪᠴᠢᠶ᠎ᠡ ᠯᠦᠭᠡ ᠬᠠᠷᠢᠯᠴᠠᠨ ᠨᠡᠶᠢᠴᠡᠭᠰᠡᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠬᠦᠷᠦᠭᠰᠡᠨ ᠪᠠᠶᠢᠬᠤ ᠬᠡᠷᠡᠭᠲᠡᠶ᠃      ᠭᠤᠷᠪᠠ᠂ ᠨᠥᠬᠦᠪᠥᠷᠢ ᠶᠢᠨ ᠪᠠᠷᠢᠮᠵᠢᠶ᠎ᠠ      ᠬᠤᠨᠢᠨ ᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ᠄ ᠰᠠᠭᠠᠯᠢ ᠶᠢᠨ ᠬᠤᠨᠢᠨ ᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠣᠳᠠᠲᠠᠶ ᠲᠡᠵᠢᠭᠡᠵᠦ ᠪᠠᠶᠢᠭ᠎ᠠ ᠬᠡᠪᠴᠢᠶ᠎ᠡ ᠶᠢᠨ ᠬᠡᠪᠴᠢᠶ᠎ᠡ ᠶᠢ 5000 ᠲᠣᠯᠣᠭᠠᠶ ᠳᠤ ᠬᠦᠷᠦᠭᠦᠯᠵᠦ᠂ 5000 ᠲᠣᠯᠣᠭᠠᠶ ᠨᠡᠮᠡᠭᠳᠡᠬᠦ ᠪᠦᠷᠢ 200 ᠲᠦᠮᠡᠨ ᠲᠥᠭᠦᠷᠢᠭ ᠤᠨ ᠨᠥᠬᠦᠪᠥᠷᠢ ᠶᠢᠨ ᠪᠡᠯᠡ ᠮᠥᠩᠭᠦ ᠶᠢ ᠨᠡᠮᠡᠭᠳᠡᠭᠦᠯᠦᠨ᠎ᠡ᠃      ᠲᠡᠮᠡᠭᠡ ᠲᠡᠵᠢᠭᠡᠨ ᠦᠷᠡᠵᠢᠭᠦᠯᠬᠦ ᠲᠠᠯᠠᠪᠠᠢ᠄ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠳᠡᠰ ᠳᠡᠪᠰᠢᠭᠰᠡᠨ ᠲᠡᠮᠡᠭᠡ ᠲᠡᠵᠢᠭᠡᠨ ᠦᠷᠡᠵᠢᠭᠦᠯᠬᠦ ᠲᠠᠯᠠᠪᠠᠢ ᠶᠢᠨ ᠠᠷᠠᠴᠢᠯᠠᠨ ᠲᠡᠵᠢᠭᠡᠵᠦ ᠪᠠᠶᠢᠭ᠎ᠠ ᠲᠤᠭ᠎ᠠ ᠬᠡᠮᠵᠢᠶ᠎ᠡ ᠨᠢ 200 ᠣᠷᠭᠢᠯ ᠳᠤ ᠬᠦᠷᠴᠦ᠂ ᠵᠢᠯ ᠤᠨ ᠰᠦᠨ ᠤ ᠭᠠᠷᠤᠯᠲᠠ ᠨᠢ 50 ᠲᠣᠨ ᠠᠴᠠ ᠶᠡᠭᠡ ᠪᠠᠶᠢᠵᠤ᠂ ᠲᠣᠰ ᠲᠣᠰ 40 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃      ᠠᠳᠤᠭᠤ ᠲᠡᠵᠢᠭᠡᠨ ᠦᠷᠡᠵᠢᠭᠦᠯᠬᠦ ᠲᠠᠯᠠᠪᠠᠢ᠄ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠳᠡᠰ ᠳᠡᠪᠰᠢᠭᠦᠯᠦᠭᠰᠡᠨ ᠠᠳᠤᠭᠤ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠣᠳᠠᠲᠠᠢ ᠲᠡᠵᠢᠭᠡᠵᠦ ᠪᠠᠶᠢᠭ᠎ᠠ ᠬᠡᠪᠴᠢᠶ᠎ᠡ ᠶᠢ 50 ᠠᠴᠠ ᠳᠡᠭᠡᠭᠰᠢ ᠳᠤ ᠬᠦᠷᠦᠭᠦᠯᠵᠦ᠂ ᠵᠢᠯ ᠤᠨ ᠰᠦ ᠭᠠᠷᠬᠤ ᠬᠡᠮᠵᠢᠶ᠎ᠡ ᠶᠢ 10 ᠲᠣᠨ ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ ᠲᠤᠰ ᠲᠤᠰ 10 ᠲᠦᠮᠡᠨ ᠲᠥᠭᠦᠷᠢᠭ᠂ 5 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃      ᠳᠥᠷᠪᠡ᠂ ᠨᠥᠬᠦᠪᠥᠷᠢ ᠥᠭᠬᠦ ᠠᠷᠭ᠎ᠠ ᠮᠠᠶ᠋ᠢᠭ ᠲᠤ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢ ᠥᠭᠬᠦ᠂ ᠱᠠᠩᠨᠠᠬᠤ ᠪᠠᠷ ᠨᠥᠬᠦᠪᠥᠷᠢ ᠥᠭᠬᠦ ᠶᠢ ᠣᠷᠣᠯᠠᠭᠤᠯᠬᠤ︾ ᠠᠷᠭ᠎ᠠ ᠮᠠᠶ᠋ᠢᠭ ᠶᠣᠰᠣᠭᠠᠷ᠂ ᠰᠠᠭᠠᠯᠢ ᠶᠢᠨ ᠮᠠᠯ ᠤᠨ ᠲᠤᠭ᠎ᠠ ᠲᠤᠯᠤᠭᠠᠢ᠂ ᠰᠦ ᠶᠢᠨ ᠭᠠᠷᠤᠯᠲᠠ ᠰᠢᠯᠭᠠᠨ ᠠᠪᠬᠤ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠨᠥᠬᠦᠪᠥᠷᠢ ᠣᠯᠭᠤᠨ᠎ᠠ᠃ ᠰᠠᠭᠠᠯᠢ ᠶᠢᠨ ᠢᠮᠠᠭᠠᠨ ᠤ ᠲᠤᠭ᠎ᠠ ᠲᠤᠯᠤᠭᠠᠢ ᠶᠢ 5000 ᠳᠤ ᠬᠦᠷᠦᠭᠦᠯᠪᠡᠯ ᠠᠩᠬ᠎ᠠ ᠤᠳᠠᠭ᠎ᠠ ᠮᠡᠳᠡᠭᠦᠯᠵᠦ᠂ 5000 ᠲᠣᠯᠣᠭᠠᠶ ᠨᠡᠮᠡᠭᠳᠡᠬᠦ ᠪᠦᠷᠢ ᠳᠠᠬᠢᠨᠲᠠ ᠮᠡᠳᠡᠭᠦᠯᠵᠦ ᠪᠣᠯᠣᠨ᠎ᠠ᠃      ᠲᠠᠪᠤ᠂ ᠬᠡᠷᠡᠭᠵᠢᠭᠦᠯᠬᠦ ᠶᠠᠪᠤᠴᠠ 1. ᠣᠨᠴᠠᠯᠢᠭᠲᠤ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠳᠡᠰ ᠳᠡᠪᠰᠢᠭᠦᠯᠦᠭᠰᠡᠨ ᠤ ᠳᠠᠷᠠᠭ᠎ᠠ 12 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠰᠠᠶᠢᠨ ᠳᠤᠷ᠎ᠠ ᠠᠴᠠ ᠪᠠᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠭᠤᠶᠤᠴᠢᠯᠠᠨ ᠮᠡᠳᠡᠭᠦᠯᠵᠦ᠂ ᠱᠠᠭᠠᠷᠳᠠᠯᠭ᠎ᠠ ᠶᠣᠰᠣᠭᠠᠷ ᠰᠢᠯᠭᠠᠨ ᠠᠪᠬᠤ ᠮᠡᠳᠡᠭᠦᠯᠦᠯᠲᠡ ᠶᠢᠨ ᠬᠦᠰᠦᠨᠦᠭᠲᠦ ᠶᠢ ᠲᠠᠭᠯᠠᠵᠤ᠂ ᠵᠣᠬᠢᠴᠠᠩᠭᠤᠶ ᠭᠡᠷᠡᠴᠢᠯᠡᠬᠦ ᠮᠠᠲ᠋ᠧᠷᠢᠶᠠᠯ ︵ᠲᠠᠮᠠᠭ᠎ᠠ ᠳᠠᠷᠤᠨ︶ ᠬᠠᠩᠭᠠᠬᠤ ᠬᠡᠷᠡᠭᠲᠡᠶ᠃ ᠰᠢᠨ᠎ᠡ ᠪᠠᠷ ᠪᠠᠶᠢᠭᠤᠯᠤᠭᠰᠠᠨ ᠰᠠᠭᠠᠯᠢ ᠶᠢᠨ ᠬᠤᠨᠢᠨ ᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ︵ᠠᠩᠬ᠎ᠠ ᠤᠳᠠᠭ᠎ᠠ︶ ᠭᠤᠶᠤᠴᠢᠯᠠᠨ ᠮᠡᠳᠡᠭᠦᠯᠵᠦ ᠰᠢᠯᠭᠠᠨ ᠠᠪᠤᠭᠤᠯᠬᠤ ᠭᠡᠷᠡᠴᠢ ᠮᠠᠲ᠋ᠧᠷᠢᠶᠠᠯ᠄      ︵1︶ ᠡᠵᠡᠩᠨᠡᠯᠲᠡ ᠶᠢᠨ ᠦᠨᠡᠮᠯᠡᠯ︔      ︵2︶ ᠠᠮᠢᠲᠠᠨ ᠤ ᠬᠢᠵᠢᠭ ᠰᠡᠷᠭᠡᠶᠢᠯᠡᠬᠦ ᠨᠥᠬᠦᠴᠡᠯ ᠤᠨ ᠬᠢᠷᠢ ᠲᠡᠩᠴᠡᠭᠰᠡᠨ ᠦᠨᠡᠮᠯᠡᠯ      ︵3︶ ᠲᠦᠭᠦᠬᠡᠶ ᠰᠢᠨ᠎ᠡ ᠰᠦ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ      ︵4︶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠭᠡᠷᠡᠴᠢ ᠮᠠᠲ᠋ᠧᠷᠢᠶᠠᠯ      ︵5︶ ᠲᠡᠵᠢᠭᠡᠨ ᠦᠷᠡᠵᠢᠭᠦᠯᠬᠦ ᠳᠠᠩᠰᠠ ᠡᠪᠬᠡᠮᠡᠯ      ︵6︶ ᠲᠡᠵᠢᠭᠡᠨ ᠦᠷᠡᠵᠢᠭᠦᠯᠬᠦ ᠳᠠᠩᠰᠠ ᠡᠪᠬᠡᠮᠡᠯ      ︵7︶ᠰᠠᠭᠠᠯᠢ ᠶᠢᠨ ᠬᠤᠨᠢ ᠬᠤᠳᠠᠯᠳᠤᠨ ᠠᠪᠬᠤ ᠳᠤ ᠮᠠᠯ ᠠᠵᠤ ᠠᠬᠤᠶ ᠮᠠᠯ ᠡᠮᠨᠡᠯᠭᠡ ᠶᠢᠨ ᠰᠠᠯᠠᠭ᠎ᠠ ᠮᠥᠴᠢᠷ ᠤᠨ ᠬᠢᠵᠦ ᠥᠭᠭᠦᠭᠰᠡᠨ ︽ᠠᠮᠢᠲᠠᠨ ᠤ ᠬᠢᠵᠢᠭ ᠪᠠᠶᠢᠴᠠᠭᠠᠬᠤ ᠳᠤ ᠬᠢᠷᠢ ᠲᠡᠩᠴᠡᠭᠰᠡᠨ ᠭᠡᠷᠡᠴᠢ︾᠂ ᠬᠤᠳᠠᠯᠳᠤᠨ ᠠᠪᠬᠤ ᠭᠡᠷ᠎ᠡ᠂ ᠪᠠᠷᠢᠮᠲᠠ ᠪᠤᠶᠤ ᠫᠢᠶᠣᠣ ᠪᠠᠷᠢᠮᠲᠠ᠂ ᠭᠡᠷᠡᠴᠢ ᠪᠠᠷᠢᠮᠲᠠ᠂ ᠭᠠᠳᠠᠭᠠᠳᠤ ᠠᠴᠠ ᠣᠷᠣᠭᠤᠯᠤᠭᠰᠠᠨ ᠰᠠᠭᠠᠯᠢ ᠶᠢᠨ ᠮᠠᠯ ᠳᠤ ᠪᠠᠰᠠ ᠪᠣᠭᠤᠮᠲᠠ ᠶᠢᠨ ᠬᠢᠵᠦ ᠥᠭᠭᠦᠭᠰᠡᠨ ᠬᠠᠮᠢᠶ᠎ᠠ ᠪᠦᠬᠦᠢ ᠭᠠᠷ ᠭᠦᠢᠴᠡᠳᠬᠡᠯ ᠢ ᠬᠠᠩᠭᠠᠬᠤ ᠴᠢᠬᠤᠯᠠᠲᠠᠢ︔ ᠠᠳᠠᠯᠢ ᠨᠢᠭᠡᠨ ᠺᠣᠮᠫᠠᠨᠢ ᠶᠢᠨ ᠳᠣᠲᠣᠭᠠᠳᠤ ᠳᠤ ᠰᠢᠯᠵᠢᠭᠦᠯᠦᠨ ᠥᠭᠬᠦ ᠭᠡᠷᠡᠴᠢ ︵ᠰᠠᠭᠠᠯᠢ ᠶᠢᠨ ᠮᠠᠯ ᠤᠨ ᠴᠠᠭ ᠬᠤᠭᠤᠴᠠᠭ᠎ᠠ᠂ ᠢᠷᠡᠯᠲᠡ᠂ ᠲᠤᠭ᠎ᠠ ᠬᠡᠮᠵᠢᠶ᠎ᠡ᠂ ᠰᠢᠯᠲᠠᠭᠠᠨ ᠢᠶᠠᠷ ᠪᠢᠴᠢᠵᠦ ᠥᠭᠬᠦ ᠴᠢᠬᠤᠯᠠᠲᠠᠢ︔ ᠮᠠᠯ ᠠᠵᠤ ᠠᠬᠤᠶ ᠮᠠᠯ ᠡᠮᠨᠡᠯᠭᠡ ᠶᠢᠨ ᠰᠠᠯᠠᠭ᠎ᠠ ᠮᠥᠴᠢᠷ ᠤᠨ ᠬᠢᠵᠦ ᠥᠭᠭᠦᠭᠰᠡᠨ ︽ᠠᠮᠢᠲᠠᠨ ᠤ ᠬᠢᠵᠢᠭ ᠪᠠᠶᠢᠴᠠᠭᠠᠬᠤ ᠳᠤ ᠬᠢᠷᠢ ᠲᠡᠩᠴᠡᠭᠰᠡᠨ ᠭᠡᠷᠡᠴᠢ︾︔      ︵8︶ ᠳᠦᠷᠰᠦ ᠰᠢᠩᠭᠡᠭᠡᠯᠲᠡ ᠶᠢᠨ ᠮᠠᠲ᠋ᠧᠷᠢᠶᠠᠯ᠄ ᠰᠠᠭᠠᠯᠢ ᠶᠢᠨ ᠮᠠᠯ᠂ ᠰᠠᠭᠤᠷᠢ ᠪᠡᠯᠡᠳᠬᠡᠮᠵᠢ᠂ ᠲᠥᠬᠦᠭᠡᠷᠦᠮᠵᠢ ᠶᠢᠨ ᠭᠡᠷᠡᠯ ᠵᠢᠷᠤᠭ ᠵᠡᠷᠭᠡ᠄ ᠰᠠᠭᠠᠯᠢ ᠶᠢᠨ ᠢᠮᠠᠭᠠᠨ ᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠳᠠᠬᠢᠨᠲᠠ ︵ᠪᠠᠷᠢᠯᠭ᠎ᠠ ᠳᠠᠭᠤᠰᠬᠤ︶ ᠰᠢᠯᠭᠠᠨ ᠠᠪᠴᠤ ᠭᠤᠶᠤᠴᠢᠯᠠᠨ ᠮᠡᠳᠡᠭᠦᠯᠬᠦ ᠳᠤ ᠳᠡᠭᠡᠷ᠎ᠡ ᠳᠤᠷᠠᠳᠤᠭᠰᠠᠨ ᠭᠡᠷᠡᠴᠢᠯᠡᠬᠦ ᠮᠠᠲ᠋ᠧᠷᠢᠶᠠᠯ ᠤᠨ ᠢᠶᠠᠨ ︵5︶ - ︵8︶ ᠵᠦᠢᠯ ᠢ ᠬᠠᠩᠭᠠᠬᠤ ᠴᠢᠬᠤᠯᠠᠲᠠᠶ ᠪᠠᠶᠢᠨ᠎ᠠ᠃ ᠰᠢᠨ᠎ᠡ ᠪᠠᠷ ᠪᠠᠶᠢᠭᠤᠯᠤᠭᠰᠠᠨ ᠲᠡᠮᠡᠭᠡ᠂ ᠠᠳᠤᠭᠤ ᠲᠡᠵᠢᠭᠡᠨ ᠦᠷᠡᠵᠢᠭᠦᠯᠬᠦ ᠲᠠᠯᠠᠪᠠᠢ ᠶᠢᠨ ᠭᠤᠶᠤᠴᠢᠯᠠᠨ ᠮᠡᠳᠡᠭᠦᠯᠵᠦ ᠰᠢᠯᠭᠠᠨ ᠬᠤᠷᠢᠶᠠᠬᠤ ᠪᠠᠷ ᠬᠠᠩᠭᠠᠭᠰᠠᠨ ᠭᠡᠷᠡᠴᠢ ᠮᠠᠲ᠋ᠧᠷᠢᠶᠠᠯ᠄      ︵1︶ ᠡᠵᠡᠩᠨᠡᠯᠲᠡ ᠶᠢᠨ ᠦᠨᠡᠮᠯᠡᠯ︔      ︵2︶ ᠠᠮᠢᠲᠠᠨ ᠤ ᠬᠢᠵᠢᠭ ᠰᠡᠷᠭᠡᠶᠢᠯᠡᠬᠦ ᠨᠥᠬᠦᠴᠡᠯ ᠤᠨ ᠬᠢᠷᠢ ᠲᠡᠩᠴᠡᠭᠰᠡᠨ ᠦᠨᠡᠮᠯᠡᠯ︔      ︵3︶ ᠲᠡᠵᠢᠭᠡᠨ ᠦᠷᠡᠵᠢᠭᠦᠯᠬᠦ ᠲᠠᠯᠠᠪᠠᠢ ᠶᠢᠨ ᠭᠠᠵᠠᠷ ᠰᠢᠷᠣᠶ ᠶᠢᠨ ᠭᠠᠷᠳᠠᠮ᠄ ᠬᠠᠤᠯᠢ ᠶᠣᠰᠣᠨ ᠤ ᠭᠠᠵᠠᠷ ᠰᠢᠷᠣᠶ ᠶᠢᠨ ᠳᠠᠭᠠᠭᠠᠴᠢᠯᠠᠯᠲᠠ᠂ ᠡᠷᠭᠢᠯᠳᠦᠭᠦᠯᠬᠦ᠂ ᠲᠦᠷᠢᠶᠡᠰᠦᠯᠡᠭᠦᠯᠬᠦ ᠭᠠᠷ ᠭᠦᠢᠴᠡᠳᠬᠡᠯ︔      ︵4︶ ᠲᠦᠭᠦᠬᠡᠶ ᠰᠢᠨ᠎ᠡ ᠰᠦ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠪᠤᠶᠤ ᠬᠤᠳᠠᠯᠳᠤᠨ ᠠᠪᠬᠤ ᠪᠠ ᠪᠣᠷᠣᠯᠠᠭᠤᠯᠬᠤ ᠭᠡᠷᠡᠴᠢ ᠮᠠᠲ᠋ᠧᠷᠢᠶᠠᠯ︔      ︵5︶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠭᠡᠷᠡᠴᠢ ᠮᠠᠲ᠋ᠧᠷᠢᠶᠠᠯ ︵ᠲᠡᠮᠡᠭᠡ᠂ ᠠᠳᠤᠭᠤ ᠲᠡᠵᠢᠭᠡᠨ ᠦᠷᠡᠵᠢᠭᠦᠯᠬᠦ ᠲᠠᠯᠠᠪᠠᠢ ᠳᠤ ᠬᠠᠩᠭᠠᠬᠤ ᠴᠢᠬᠤᠯᠠ ᠦᠭᠡᠢ︶︔      ︵6︶ ᠲᠡᠵᠢᠭᠡᠨ ᠦᠷᠡᠵᠢᠭᠦᠯᠬᠦ ᠳᠠᠩᠰᠠ ᠡᠪᠬᠡᠮᠡᠯ᠄ ᠠᠵᠤ ᠠᠬᠤᠶᠢᠯᠠᠯ ᠤᠨ ᠨᠡᠷᠡᠶᠢᠳᠦᠯ᠂ ᠲᠡᠵᠢᠭᠡᠵᠦ ᠪᠠᠶᠢᠭ᠎ᠠ ᠪᠠᠶᠢᠳᠠᠯ ᠤᠨ ᠭᠡᠷᠡᠴᠢ ᠮᠠᠲ᠋ᠧᠷᠢᠶᠠᠯ᠄ ᠲᠡᠮᠡᠭᠡ / ᠮᠣᠷᠢ᠂ ᠰᠠᠭᠤᠷᠢ ᠪᠡᠯᠡᠳᠬᠡᠮᠵᠢ᠂ ᠲᠥᠬᠦᠭᠡᠷᠦᠮᠵᠢ ᠶᠢᠨ ᠭᠡᠷᠡᠯ ᠵᠢᠷᠤᠭ ᠵᠡᠷᠭᠡ᠃      2. ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠲᠥᠷᠥᠯ ᠵᠦᠢᠯ ᠤᠨ ᠨᠢᠭᠡᠴᠡ ᠶᠢᠨ ᠰᠢᠯᠭᠠᠨ ᠠᠪᠬᠤ ᠭᠤᠶᠤᠴᠢᠯᠠᠯ ᠢ ᠣᠯᠤᠭᠰᠠᠨ ᠤ ᠳᠠᠷᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠲᠥᠷᠥᠯ ᠵᠦᠢᠯ ᠢ ᠬᠢᠨᠠᠨ ᠬᠠᠷᠭᠤᠭᠤᠯᠵᠤ ᠰᠢᠯᠭᠠᠨ ᠠᠪᠬᠤ᠂ ᠢᠯᠡ ᠨᠡᠶᠢᠲᠡᠯᠡᠬᠦ ᠬᠡᠷᠡᠭᠲᠡᠶ᠃ ᠢᠯᠡ ᠨᠡᠶᠢᠲᠡᠯᠡᠭᠰᠡᠨ ᠤ ᠳᠠᠷᠠᠭ᠎ᠠ᠂ ︽ᠲᠥᠷᠥᠯ ᠵᠦᠢᠯ ᠢ ᠰᠢᠯᠭᠠᠨ ᠠᠪᠬᠤ ᠭᠤᠶᠤᠴᠢᠯᠠᠯ ᠤᠨ ᠬᠦᠰᠦᠨᠦᠭᠲᠦ︾ ᠳᠡᠭᠡᠷ᠎ᠡ ᠰᠠᠨᠠᠯ ᠭᠠᠷᠭᠠᠵᠤ᠂ ᠬᠢᠨᠠᠨ ᠬᠠᠷᠭᠤᠭᠤᠯᠵᠤ ᠰᠢᠯᠭᠠᠨ ᠠᠪᠤᠭᠰᠠᠨ ᠦᠷ᠎ᠡ ᠳ᠋ᠦᠩ ᠢᠶᠠᠨ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃      3. ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠤᠰᠢᠭᠤ ᠰᠢᠶᠠᠨ ᠤ ᠮᠡᠳᠡᠭᠦᠯᠦᠨ ᠬᠦᠷᠭᠡᠭᠰᠡᠨ ᠰᠢᠯᠭᠠᠨ ᠠᠪᠤᠭᠰᠠᠨ ᠦᠷ᠎ᠡ ᠳ᠋ᠦᠩ ᠢ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠬᠦ ᠶᠢᠨ ᠬᠠᠮᠲᠤ᠂ ︽ᠲᠥᠷᠥᠯ ᠵᠦᠢᠯ ᠢ ᠰᠢᠯᠭᠠᠨ ᠠᠪᠬᠤ ᠭᠤᠶᠤᠴᠢᠯᠠᠯ ᠤᠨ ᠬᠦᠰᠦᠨᠦᠭᠲᠦ︾ ᠳᠡᠭᠡᠷ᠎ᠡ ᠰᠠᠨᠠᠯ ᠭᠠᠷᠭᠠᠪᠠ᠃ ᠠᠶᠢᠮᠠᠭ ᠬᠤᠲᠠ ᠨᠢ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠳᠠᠩᠰᠠᠯᠠᠭᠤᠯᠬᠤ ᠬᠡᠷᠡᠭᠲᠡᠶ᠃      4. ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠠᠶᠢᠮᠠᠭ ᠬᠤᠲᠠ ᠶᠢᠨ ᠮᠡᠳᠡᠭᠦᠯᠦᠨ ᠬᠦᠷᠭᠡᠭᠰᠡᠨ ᠬᠠᠷᠭᠤᠭᠤᠯᠤᠨ ᠪᠠᠶᠢᠴᠠᠭᠠᠵᠤ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠬᠤᠷᠢᠶᠠᠩᠭᠤᠶᠢᠯᠠᠭᠰᠠᠨ ᠤ ᠳᠠᠷᠠᠭ᠎ᠠ᠂ ᠠᠶᠢᠮᠠᠭ ᠬᠤᠲᠠ ᠨᠢ ᠰᠢᠭᠤᠳ ᠪᠡᠯᠡ ᠮᠥᠩᠭᠦ ᠶᠢ ᠲᠡᠵᠢᠭᠡᠨ ᠦᠷᠡᠵᠢᠭᠦᠯᠬᠦ ᠲᠠᠯᠠᠪᠠᠢ ᠳᠤ ᠣᠯᠭᠤᠨ᠎ᠠ᠃ ᠴᠢᠬᠤᠯᠠ ᠲᠠᠢ ᠪᠣᠯ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠬᠤ ᠪᠤᠶᠤ ᠭᠤᠷᠪᠠᠳᠠᠬᠢ ᠲᠠᠯ᠎ᠠ ᠶᠢᠨ ᠲᠤᠰᠬᠠᠶ ᠪᠠᠶᠢᠭᠤᠯᠤᠮᠵᠢ ᠳᠤ ᠨᠠᠶᠢᠳᠠᠵᠤ ᠰᠢᠯᠭᠠᠨ ᠠᠪᠤᠭᠰᠠᠨ ᠦᠷ᠎ᠡ ᠳ᠋ᠦᠩ ᠢ ᠰᠤᠭᠤᠴᠢᠨ ᠪᠠᠶᠢᠴᠠᠭᠠᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号