ᠬᠡᠳᠦᠨ ᠠᠷᠪᠠᠨ ᠵᠢᠯ ᠤᠨ ᠲᠤᠷᠰᠢ᠂ ᠬᠡᠳᠦᠨ ᠦᠶ᠎ᠡ ᠶᠢᠨ ᠤᠯᠠᠭᠠᠨᠮᠥ᠋ᠴᠢᠷ ᠤᠨ ᠲᠤᠭᠯᠠᠭᠴᠢᠳ ᠬᠦᠳᠡᠭᠡ | ᠨᠤᠳᠤᠭ ᠢᠶᠠᠷ ᠤᠷᠠᠯᠢᠭ ᠤᠨ ᠲᠠᠶᠢᠰᠠ ᠪᠤᠯᠭᠠᠨ᠂ ᠬᠦᠬᠡᠮᠳᠦᠭ ᠲᠡᠭᠷᠢ ᠪᠠᠷ ᠤᠶᠠᠩᠭ᠎ᠠ ᠲᠠᠭᠤᠤ ᠪᠠᠨ ᠳᠠᠭᠤᠷᠢᠰᠬᠠᠵᠦ᠂ | ᠨᠠᠮ ᠤᠨ ᠳᠠᠭᠤᠨ ᠪᠠ ᠬᠠᠶᠢᠷ᠎ᠠ ᠬᠠᠯᠠᠮᠵᠢ ᠶᠢ ᠳᠠᠮᠵᠢᠭᠤᠯᠤᠨ᠂ ᠥᠷᠭᠡᠨ ᠣᠯᠠᠨ ᠮᠠᠯᠴᠢᠨ ᠲᠠᠷᠢᠶᠠᠴᠢᠨ ᠳᠤ ᠣᠶᠤᠨ | ᠰᠠᠨᠠᠭᠠᠨ ᠤ ᠬᠦᠨᠡᠰᠦ ᠬᠦᠷᠭᠡᠵᠦ᠂ ᠪᠦᠬᠦ ᠤᠯᠤᠰ ᠤᠨ ᠤᠳᠬ᠎ᠠ ᠤᠷᠠᠯᠢᠭ ᠤᠨ ᠹᠷᠣᠨᠲ ᠤᠨ ᠨᠢᠭᠡᠨ ᠲᠤᠭ ᠪᠤᠯᠵᠠᠢ᠃ | ᠰᠢ ᠶᠢᠨ ᠫᠢᠩ ᠶᠡᠷᠦᠩᠬᠡᠢ ᠱᠦᠵᠢ ᠲᠡᠳᠡᠨ ᠢ ︽ᠥᠨᠢ ᠡᠭᠦᠷᠢᠳᠡ ᠲᠠᠯ᠎ᠠ ᠨᠤᠲᠤᠭ ᠤᠨ ︿ᠬᠤᠪᠢᠰᠬᠠᠯᠲᠤ ᠤᠳᠬ᠎ᠠ | ᠤᠷᠠᠯᠢᠭ ᠤᠨ ᠬᠥᠩᠭᠡᠨ ᠮᠣᠷᠢᠲᠤ ᠴᠡᠷᠢᠭ﹀ ᠪᠤᠯᠰᠤᠭᠠᠢ︾ ᠭᠡᠵᠦ ᠵᠣᠷᠢᠭᠵᠢᠭᠤᠯᠤᠭᠰᠠᠨ ᠤ ᠬᠠᠮᠲᠦ ︽ | ᠤᠯᠠᠭᠠᠨᠮᠥ᠋ᠴᠢᠷ ᠤᠨ ᠥᠨᠢᠳᠡ ᠶᠢᠨ ᠦᠷᠨᠢᠩᠬᠦᠢ ᠬᠦᠭᠵᠢᠯᠳᠡ ᠨᠢ ᠠᠷᠠᠳ ᠲᠦᠮᠡᠨ ᠤᠷᠠᠯᠢᠭ ᠢ ᠬᠡᠷᠡᠭᠰᠡᠨ᠎ᠡ᠂ | ᠤᠷᠠᠯᠢᠭ ᠪᠠᠰᠠ ᠠᠷᠠᠳ ᠲᠦᠮᠡᠨ ᠢ ᠬᠡᠷᠡᠭᠰᠡᠨ᠎ᠡ︾ ᠭᠡᠳᠡᠭ ᠢ ᠬᠠᠷᠠᠭᠤᠯᠵᠦ ᠪᠠᠶᠢᠨ᠎ᠠ ᠭᠡᠪᠡ᠃ 11 ᠰᠠᠷ᠎ᠠ ᠶᠢᠨ | 21 ᠤ ᠡᠳᠦᠷ᠂ ᠮᠠᠨ ᠤ ᠬᠤᠰᠢᠭᠤᠨ ᠤ ︽ᠪᠠᠶᠠᠷ ᠪᠠᠶᠠᠰᠤᠯ ᠪᠠ ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠤ | ᠦᠢᠯᠡᠴᠢᠯᠡᠭᠡᠨ ᠤ ᠠᠵᠢᠯᠯᠠᠭ᠎ᠠ ᠳᠠᠬᠢᠨᠲᠠ ᠡᠬᠢᠯᠡᠵᠦ᠂ ᠰᠠᠶᠢᠬᠠᠨᠲᠠᠯ᠎ᠠ ᠪᠠᠯᠭᠠᠰᠤᠨ ᠤ ᠬᠠᠩᠭᠠᠢ ᠵᠠᠮ ᠤᠨ ᠨᠡᠶᠢᠭᠡᠮ | ᠲᠣᠭᠤᠷᠢᠭ ᠤᠨ ᠠᠵᠢᠯᠯᠠᠭᠠᠨ ᠤ ᠲᠠᠰᠤᠭ ᠲᠤ ᠪᠠᠶᠠᠷ ᠬᠦᠷ ᠨᠡᠮᠡᠷᠢᠯᠡᠪᠡ᠃ | ᠲᠣᠭᠯᠠᠯᠲᠠ ᠶᠢᠨ ᠠᠬᠤᠢ ᠲᠠᠯᠠᠪᠠᠢ ᠳᠤ᠂ ᠤᠯᠠᠭᠠᠨᠮᠥ᠋ᠴᠢᠷ ᠤᠨ ᠲᠤᠭᠯᠠᠭᠴᠢᠳ ᠠᠯᠢ ᠤᠯᠠᠨ ᠪᠠᠶᠠᠯᠢᠭ | ᠠᠭᠤᠯᠭ᠎ᠠ ᠪᠦᠬᠦᠢ ᠤᠷᠠᠨ ᠰᠠᠶᠢᠬᠠᠨ ᠤ ᠲᠤᠭᠯᠠᠯᠳᠠ ᠪᠠᠷ ᠢᠶᠠᠨ ᠦᠷᠭᠡᠨ ᠤᠯᠠᠨ ᠨᠡᠶᠢᠭᠡᠮ ᠲᠤᠭᠤᠷᠢᠭ ᠤᠨ | ᠠᠵᠢᠯᠳᠠᠳ ᠪᠠ ᠰᠠᠭᠤᠭᠠᠯᠢ ᠠᠷᠠᠳ ᠤᠨ ᠬᠠᠷᠠᠭ᠎ᠠ ᠰᠤᠨᠤᠷ ᠢ ᠮᠢᠯᠢᠶᠠᠵᠦ᠂ ︽ᠰᠢ ᠶᠢᠨ ᠫᠢᠩ ᠶᠡᠷᠦᠩᠬᠡᠢ ᠱᠦᠵᠢ | ᠶᠢᠨ ᠬᠠᠷᠢᠭᠤ ᠵᠠᠬᠢᠳᠠᠯ︾ ᠭᠡᠬᠦ ᠲᠠᠭᠤᠤ ᠨᠢ ᠨᠡᠩ ᠴᠤ ᠤᠯᠠᠭᠠᠨᠮᠥ᠋ᠴᠢᠷ ᠤᠨ ᠲᠤᠭᠯᠠᠭᠴᠢᠳ ᠤᠨ ᠰᠢ ᠶᠢᠨ ᠫᠢᠩ | ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠤᠳᠬ᠎ᠠ ᠤᠷᠠᠯᠢᠭ ᠤᠨ ᠵᠣᠬᠢᠶᠠᠨ | ᠪᠦᠲᠦᠭᠡᠯᠭᠡ ᠶᠢᠨ ᠡᠯ᠎ᠡ ᠲᠠᠯ᠎ᠠ᠂ ᠪᠦᠬᠦ ᠶᠠᠪᠤᠴᠠ ᠳᠤ ᠲᠤᠤᠱᠯᠠᠭᠤᠯᠤᠭᠰᠠᠨ ᠢ ᠭᠦᠢᠴᠡᠳ ᠬᠠᠷᠠᠭᠤᠯᠵᠦ ᠴᠢᠳᠠᠭᠰᠠᠨ | ᠪᠠᠶᠢᠨ᠎ᠠ᠃ | ᠨᠡᠶᠢᠭᠡᠮ ᠤᠨ ᠳᠠᠪᠰᠢᠯᠲᠠ ᠶᠢ ᠳᠠᠭᠠᠯᠳᠤᠨ᠂ ᠤᠯᠠᠭᠠᠨᠮᠥ᠋ᠴᠢᠷ ᠤᠨ ᠲᠤᠭᠯᠠᠭᠴᠢᠳ ᠰᠢᠨ᠎ᠡ ᠤᠷᠠᠨ ᠪᠦᠲᠦᠭᠡᠯᠭᠡ | ᠶᠢ ᠲᠠᠰᠤᠷᠠᠯᠲᠠ ᠦᠭᠡᠢ ᠵᠤᠬᠢᠶᠠᠨ ᠪᠦᠲᠦᠭᠡᠵᠦ᠂ ᠠᠷᠠᠳ ᠣᠯᠠᠨ ᠤ ᠣᠶᠤᠨ ᠤ ᠰᠣᠶᠣᠯ ᠤᠨ ᠠᠮᠢᠳᠤᠷᠠᠯ ᠤᠨ ᠲᠤᠬᠠᠢ | ᠬᠥᠭᠡᠭᠡᠴᠡᠯᠳᠦᠯ ᠢ ᠬᠠᠩᠭᠠᠵᠤ ᠪᠠᠶᠢᠨ᠎ᠠ᠃ ᠬᠠᠮᠤᠭ ᠰᠢᠨ᠎ᠡ ᠡᠷᠡᠭᠲᠠᠢ ᠡᠮᠡᠭᠲᠠᠢ ᠶᠢᠨ ᠬᠤᠣᠰᠯᠠᠯ ᠳᠠᠭᠤᠤ ︽ᠨᠤᠳᠤᠭ | ᠤᠰᠤ ᠪᠠᠨ ᠮᠠᠭᠲᠠᠨ ᠳᠠᠭᠤᠯᠠᠶ᠎ᠠ︾ ᠭᠡᠬᠦ ᠳᠠᠭᠤᠤ ᠨᠢ ᠨᠡᠩ ᠴᠤ ᠦᠵᠡᠭᠴᠢᠳ ᠤᠯᠠᠨ ᠤ ᠬᠠᠯᠠᠭᠤᠨ ᠳᠠᠭᠠᠰᠢᠶᠠᠯ ᠢ | ᠤᠯᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠲᠠᠯ᠎ᠠ ᠨᠤᠲᠤᠭ ᠤᠨ ᠰᠣᠶᠣᠯ ᠤᠨ ᠥᠪᠡᠷᠮᠢᠴᠡ ᠲᠠᠲᠠᠬᠤ | ᠬᠦᠴᠦᠨ ᠪᠠ ᠭᠦᠨ ᠵᠤᠵᠠᠭᠠᠨ ᠰᠣᠶᠣᠯ ᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠲᠠᠯ᠎ᠠ ᠨᠤᠲᠤᠭ ᠤᠨ | ᠬᠥᠪᠡᠭᠦᠳ ᠥᠬᠢᠳ ᠤᠨ ᠡᠬᠡ ᠤᠯᠤᠰ ᠢᠶᠠᠨ ᠬᠠᠶᠢᠷᠠᠯᠠᠵᠤ ᠨᠤᠲᠤᠭ ᠤᠰᠤ ᠪᠠᠨ ᠬᠠᠶᠢᠷᠠᠯᠠᠬᠤ ᠴᠢᠩ ᠦᠨᠡᠨᠴᠢ | ᠰᠡᠳᠬᠢᠯᠭᠡ ᠶᠢ ᠢᠯᠡᠷᠡᠭᠦᠯᠦᠭᠰᠡᠨ ᠪᠠᠶᠢᠨ᠎ᠠ᠃ | ᠰᠢ ᠶᠢᠨ ᠫᠢᠩ ᠶᠡᠷᠦᠩᠬᠡᠢ ᠱᠦᠵᠢ ᠤᠯᠠᠭᠠᠨᠮᠥ᠋ᠴᠢᠷ ᠤᠨ ᠲᠤᠭᠯᠠᠭᠴᠢᠳ ᠢ ᠤᠯᠠᠭᠠᠨᠮᠥ᠋ᠴᠢᠷ ᠤᠨ ᠰᠢᠯᠢᠳᠡᠭ | ᠤᠯᠠᠮᠵᠢᠯᠠᠯ ᠢᠶᠠᠨ ᠶᠡᠬᠡᠪᠡᠷ ᠪᠠᠳᠠᠷᠠᠭᠤᠯᠵᠤ᠂ ᠠᠮᠢᠳᠤᠷᠠᠯ ᠤᠨ ᠰᠢᠮᠡᠯᠢᠭ ᠬᠥᠷᠥᠰᠥᠨ ᠳᠤ ᠦᠨᠳᠦᠰᠦᠯᠡᠵᠦ᠂ ᠮᠠᠯᠴᠢᠨ | ᠲᠦᠮᠡᠨ ᠳᠤ ᠦᠢᠯᠡᠴᠢᠯᠡᠵᠦ᠂ ᠤᠳᠬ᠎ᠠ ᠤᠷᠠᠯᠢᠭ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠣᠯᠠᠨ ᠲᠦᠮᠡᠨ ᠲᠠᠢ | ᠤᠢᠢᠷᠠᠳᠤᠭᠰᠠᠨ᠂ ᠤᠯᠠᠮᠵᠢᠯᠠᠭᠳᠠᠭᠰᠠᠨ ᠰᠢᠯᠢᠳᠡᠭ ᠪᠦᠲᠦᠭᠡᠯ ᠢ ᠨᠡᠩ ᠣᠯᠠᠨ ᠵᠣᠬᠢᠶᠠᠨ ᠪᠦᠲᠦᠭᠡᠵᠦ᠂ ᠥᠨᠢ | ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠲᠤᠭᠠᠢ | ᠭᠡᠵᠦ ᠵᠤᠷᠢᠭᠵᠢᠭᠤᠯᠤᠭᠰᠠᠨ ᠪᠠᠶᠢᠳᠠᠭ᠃ | ᠮᠠᠨ ᠤ ᠬᠤᠰᠢᠭᠤᠨ ᠤ ᠤᠯᠠᠭᠠᠨᠮᠥ᠋ᠴᠢᠷ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ | ᠵᠣᠬᠢᠶᠠᠨ ᠪᠦᠲᠦᠭᠡᠬᠦ᠂ ᠲᠣᠭᠯᠠᠬᠤ᠂ ᠤᠬᠠᠭᠤᠯᠬᠤ᠂ ᠬᠠᠪᠰᠤᠷᠤᠨ ᠵᠢᠯᠣᠭᠤᠳᠬᠤ᠂ ᠦᠢᠯᠡᠴᠢᠯᠡᠬᠦ᠂ ᠤᠯᠠᠮᠵᠢᠯᠠᠬᠤ᠂ | ᠰᠢᠨ᠎ᠡ ᠶᠢ ᠡᠭᠦᠳᠬᠦ ᠪᠠ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭᠠᠨ ᠤ ᠡᠭᠦᠷᠭᠡ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠢ ᠭᠦᠢᠴᠡᠳᠬᠡᠵᠦ᠂ ᠲᠤᠭᠯᠠᠭᠴᠢᠳ ᠤᠭ ᠰᠠᠨᠠᠭ᠎ᠠ ᠪᠠᠨ ᠦᠯᠦ ᠮᠠᠷᠳᠠᠨ᠂ ᠡᠷᠡᠮᠡᠬᠡᠶᠢᠯᠡᠨ | ᠤᠷᠤᠭᠰᠢᠯᠠᠵᠤ᠂ ᠰᠣᠶᠣᠯ ᠤᠨ ᠣᠨᠴᠠᠯᠢᠭ ᠢ ᠳᠤᠪᠤᠶᠢᠯᠭᠠᠨ᠂ ᠣᠷᠣᠨ ᠪᠦᠰᠡ ᠶᠢᠨ ᠣᠨᠴᠠᠯᠢᠭ ᠢ ᠢᠯᠡᠷᠡᠭᠦᠯᠵᠦ᠂ | ᠴᠠᠭ ᠦᠶ᠎ᠡ ᠶᠢᠨ ᠱᠠᠭᠠᠷᠳᠠᠯᠭ᠎ᠠ ᠶᠢ ᠳᠤᠳᠤᠷᠬᠠᠶᠢᠯᠠᠨ᠂ ᠠᠵᠢᠯ ᠤᠨ ᠬᠡᠯᠪᠡᠷᠢ ᠶᠢ ᠲᠡᠭᠦᠯᠳᠡᠷᠵᠢᠭᠦᠯᠵᠦ᠂ | ᠦᠢᠯᠡᠴᠢᠯᠡᠭᠡᠨ ᠤ ᠠᠷᠭ᠎ᠠ ᠪᠠᠷᠢᠯ ᠢ ᠰᠢᠨᠡᠴᠢᠯᠡᠨ᠂ ᠤᠯᠠᠭᠠᠨᠮᠥ᠋ᠴᠢᠷ ᠤᠨ ᠰᠢᠨ᠎ᠡ ᠶᠢ ᠡᠭᠦᠳᠬᠦ ᠬᠥᠭᠵᠢᠯᠲᠡ ᠪᠠᠷ ᠰᠢᠨ᠎ᠡ | ᠴᠠᠭ ᠦᠶ᠎ᠡ ᠶᠢᠨ ᠤᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠨᠡᠩ ᠰᠠᠶᠢᠲᠤᠷ ᠬᠠᠩᠭᠠᠪᠠ᠃ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠤᠬᠠᠭᠤᠯᠬᠤ | ᠲᠠᠯ᠎ᠠ ᠪᠠᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠤᠬᠠᠭᠤᠯᠬᠤ ᠪᠠᠷ ᠭᠤᠣᠯᠳᠠᠯᠭ᠎ᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ | ᠵᠡᠷᠭᠡ ᠤᠯᠤᠰ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠶᠡᠬᠡᠪᠡᠷ ᠤᠬᠠᠭᠤᠯᠪᠠ᠃ ᠲᠣᠭᠯᠠᠯᠲᠠ ᠶᠢᠨ ᠬᠡᠯᠪᠡᠷᠢ ᠶᠢᠨ | ᠲᠠᠯ᠎ᠠ ᠪᠠᠷ᠂ ᠬᠠᠮᠲᠦ ᠪᠠᠷ ᠲᠤᠭᠯᠠᠬᠤ ᠪᠠ ᠲᠤᠭᠤᠶᠢᠯᠠᠩ ᠬᠤᠪᠢᠶᠠᠵᠦ ᠲᠤᠭᠯᠠᠬᠤ᠂ ᠬᠦᠳᠡᠭᠡ ᠪᠠᠭᠤᠵᠦ ᠲᠤᠭᠯᠠᠬᠤ ᠪᠠ | ᠲᠠᠶᠢᠰᠠᠨ ᠤ ᠲᠤᠭᠯᠠᠯᠳᠠ ᠶᠢ ᠤᠶᠠᠯᠳᠤᠭᠤᠯᠬᠤ ᠵᠡᠷᠭᠡ ᠠᠷᠭ᠎ᠠ ᠬᠡᠯᠪᠡᠷᠢ ᠶᠢ ᠠᠪᠴᠤ᠂ ︽ᠪᠠᠶᠠᠷ ᠪᠠᠶᠠᠰᠤᠯ ᠪᠠ | ᠪᠣᠯᠪᠠᠰᠤᠨ ᠢ ᠬᠦᠷᠭᠡᠬᠦ︾᠂ ︽ᠤᠯᠠᠭᠠᠨᠮᠥ᠋ᠴᠢᠷ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ︾ ᠵᠡᠷᠭᠡ ᠰᠢᠷᠢᠰ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠬᠦ ᠪᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢ ᠮᠠᠯᠵᠢᠬᠤ ᠲᠠᠷᠢᠶᠠᠯᠠᠬᠤ ᠣᠷᠣᠨ ᠳᠤ | ᠳᠠᠮᠵᠢᠭᠤᠯᠪᠠ᠃ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ᠂ ︽ᠤᠷᠢᠵᠤ | ᠠᠪᠴᠢᠷᠠᠬᠤ︾᠂ ︽ᠭᠠᠳᠠᠭᠰᠢ ᠭᠠᠷᠴᠦ ᠪᠤᠯᠪᠠᠰᠤᠷᠠᠬᠤ︾ ᠠᠷᠭ᠎ᠠ ᠮᠠᠶ᠋ᠢᠭ ᠢᠶᠠᠷ ᠡᠯ᠎ᠡ ᠲᠥᠷᠥᠯ ᠤᠨ ᠪᠤᠯᠪᠠᠰᠤᠷᠠᠯ ᠳᠤ | ᠨᠡᠶᠢᠲᠡ 300 ᠭᠠᠷᠤᠢ ᠡᠳᠦᠷ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠳᠡᠰ᠂ ᠠᠶᠢᠮᠠᠭ ᠤᠨ ᠳᠡᠰ ᠤᠨ | ᠲᠤᠰᠬᠠᠢ ᠮᠡᠷᠭᠡᠵᠢᠯᠲᠡᠨ ᠫᠷᠤᠹᠧᠰᠰᠤᠷ ᠢ ᠤᠷᠢᠵᠤ 25 ᠤᠳᠠᠭ᠎ᠠ ᠬᠢᠴᠢᠶᠡᠯᠯᠡᠬᠦᠯᠪᠡ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠠᠯ᠎ᠠ ᠪᠠᠷ᠂ ᠰᠣᠶᠣᠯ ᠢ ᠬᠥᠭᠵᠢᠭᠦᠯᠦᠨ ᠮᠠᠨᠳᠤᠭᠤᠯᠬᠤ ᠪᠠᠷ | ᠭᠠᠷᠳᠠᠴᠠ ᠪᠣᠯᠭᠠᠵᠤ᠂ ᠰᠠᠶᠢᠬᠠᠠᠠᠦ᠋ᠯᠵᠡᠢ ᠰᠤᠮᠤᠨ ᠤ ᠡᠬᠢᠨ᠋ᠠᠤᠰᠤ ᠭᠠᠴᠠᠭᠠᠨ ᠳᠤ ︽ᠰᠥᠨᠢᠳ ᠪᠠᠷᠠᠭᠤᠨ | ᠬᠤᠰᠢᠭᠤᠨ ᠤ ᠤᠯᠠᠭᠠᠨᠮᠥ᠋ᠴᠢᠷ ᠤᠨ ᠵᠤᠬᠢᠶᠠᠨ ᠪᠦᠲᠦᠭᠡᠯᠭᠡ ᠶᠢᠨ ᠰᠠᠭᠤᠷᠢᠨ︾ ᠢ ᠪᠠᠶᠢᠭᠤᠯᠪᠠ᠃ | 2017 ᠣᠨ ᠠᠴᠠ ᠣᠳᠣ ᠪᠣᠯᠲᠠᠯ᠎ᠠ᠂ ᠬᠤᠰᠢᠭᠤ ᠤᠯᠠᠭᠠᠨᠮᠥ᠋ᠴᠢᠷ ᠨᠡᠶᠢᠲᠡ 900 ᠭᠠᠷᠤᠢ ᠲᠠᠯᠠᠪᠤᠷ | ᠤᠳᠠᠭ᠎ᠠ ᠲᠣᠭᠯᠠᠯᠲᠠ ᠭᠠᠷᠭᠠᠪᠠ᠃ ᠤᠯᠠᠭᠠᠨᠮᠥ᠋ᠴᠢᠷ ᠤᠨ ᠸᠢᠴᠠᠲ ᠳ᠋ᠤᠭᠠᠷ᠂ ᠲᠢᠺ ᠲᠤᠺ ᠳ᠋ᠤᠭᠠᠷ᠂ ᠰᠦᠯᠵᠢᠶᠡᠨ | ᠳᠡᠭᠡᠷᠡᠬᠢ ᠤᠯᠠᠭᠠᠨᠮᠥ᠋ᠴᠢᠷ ᠤᠨ ᠲᠠᠪᠴᠠᠩ ᠳᠤ ᠡᠯ᠎ᠡ ᠲᠥᠷᠥᠯ ᠤᠨ ᠤᠬᠠᠭᠤᠯᠭ᠎ᠠ ᠮᠡᠳᠡᠭᠡᠯᠡᠯ᠂ ᠤᠳᠬ᠎ᠠ ᠤᠷᠠᠯᠢᠭ ᠤᠨ | ᠪᠦᠲᠦᠭᠡᠯ᠂ ᠰᠣᠨᠢᠨ ᠮᠡᠳᠡᠭᠡᠨ ᠤ ᠣᠬᠤᠷ ᠹᠢᠯᠢᠮ ᠢ ᠨᠡᠶᠢᠲᠡ 630 ᠵᠤᠷᠪᠤᠰ ᠨᠡᠶᠢᠳᠡᠯᠡᠵᠦ᠂ ᠤᠯᠠᠮᠵᠢᠯᠠᠨ | ᠲᠠᠷᠬᠠᠭᠠᠭᠰᠠᠨ ᠬᠡᠮᠵᠢᠶ᠎ᠡ 3 ᠲᠦᠮᠡ ᠭᠠᠷᠤᠢ ᠤᠳᠠᠭ᠎ᠠ ᠬᠦᠷᠪᠡ᠃ ᠤᠯᠠᠭᠠᠨᠮᠥ᠋ᠴᠢᠷ ᠤᠨ ᠦᠵᠡᠭᠦᠯᠦᠯᠭᠡ ᠶᠢᠨ ᠲᠢᠩᠬᠢᠮ | ᠨᠡᠶᠢᠭᠡᠮ ᠤᠨ ᠡᠯ᠎ᠡ ᠡᠲᠡᠭᠡᠳ ᠤᠨ ᠲᠣᠭᠤᠷᠢᠨ ᠰᠤᠷᠤᠯᠴᠠᠯᠭ᠎ᠠ ᠶᠢ 900 ᠭᠠᠷᠤᠢ ᠲᠠᠯᠠᠪᠤᠷ ᠤᠨ 1.3 ᠲᠦᠮᠡ | ᠰᠢᠬᠠᠮ ᠬᠥᠮᠦᠨ ᠤᠳᠠᠭ᠎ᠠ ᠬᠦᠯᠢᠶᠡᠨ ᠠᠪᠤᠪᠠ᠃ ︽ᠤᠯᠠᠭᠠᠨᠮᠥ᠋ᠴᠢᠷ︾ ᠤᠨ ᠠᠷᠭ᠎ᠠ ᠮᠠᠶ᠋ᠢᠭ ᠢᠶᠠᠷ ᠦᠨᠳᠦᠰᠦᠨ | ᠱᠠᠲᠤᠨ ᠳᠤ ᠭᠦᠨᠵᠡᠭᠡᠶᠢᠷᠡᠵᠦ᠂ ᠣᠨᠣᠯ ᠤᠨ ᠤᠬᠠᠭᠤᠯᠤᠨ ᠲᠠᠶᠢᠯᠪᠤᠷᠢᠯᠠᠬᠤ᠂ ᠺᠢᠨᠣ᠋ ᠭᠠᠷᠭᠠᠬᠤ᠂ ᠬᠠᠤᠯᠢ | ᠴᠠᠭᠠᠵᠠ ᠶᠢᠨ ᠵᠥᠪᠯᠡᠯᠭᠡ ᠥᠭᠬᠦ ᠵᠡᠷᠭᠡ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡ ᠶᠢ ᠣᠯᠠᠨ ᠤᠳᠠᠭ᠎ᠠ | ᠥᠷᠨᠢᠭᠦᠯᠪᠡ᠃ 2024 ᠤᠨ ᠳᠤ ᠤᠳᠤᠬᠠᠨ ᠪᠣᠯᠲᠠᠯ᠎ᠠ ᠦᠨᠳᠦᠰᠦᠨ ᠱᠠᠲᠤᠨ ᠳᠤ 101 ᠲᠠᠯᠠᠪᠠᠢ ᠲᠣᠭᠯᠠᠯᠲᠠ | ᠭᠠᠷᠭᠠᠵᠤ᠂ ᠣᠷᠣᠨ ᠤ ᠭᠠᠳᠠᠨ᠎ᠠ 43 ᠲᠠᠯᠠᠪᠠᠢ ᠲᠣᠭᠯᠠᠯᠲᠠ ᠭᠠᠷᠭᠠᠪᠠ᠃ | ᠮᠠᠨ ᠤ ᠬᠤᠰᠢᠭᠤᠨ ᠤ ᠬᠡᠳᠦᠨ ᠦᠶ᠎ᠡ ᠶᠢᠨ ᠤᠯᠠᠭᠠᠨᠮᠥ᠋ᠴᠢᠷ ᠤᠨ ᠲᠤᠭᠯᠠᠭᠴᠢᠳ ᠰᠠᠯᠬᠢ ᠪᠤᠷᠤᠭᠠᠨ ᠢ | ᠬᠠᠶᠢᠬᠤᠷᠤᠯ ᠦᠭᠡᠢ ᠪᠠᠷ᠂ ᠬᠦᠳᠡᠭᠡ ᠨᠤᠳᠤᠭ ᠢᠶᠠᠷ ᠤᠷᠠᠯᠢᠭ ᠤᠨ ᠲᠠᠶᠢᠰᠠ ᠪᠤᠯᠭᠠᠨ᠂ ᠬᠦᠬᠡᠮᠳᠦᠭ ᠲᠡᠭᠷᠢ ᠪᠠᠷ | ᠤᠶᠠᠩᠭ᠎ᠠ ᠲᠠᠭᠤᠤ ᠪᠠᠨ ᠳᠠᠭᠤᠷᠢᠰᠬᠠᠵᠦ᠂ ᠨᠠᠮ ᠤᠨ ᠲᠥᠷᠥ ᠶᠢᠨ ᠪᠣᠳᠣᠯᠭ᠎ᠠ ᠪᠠ ᠬᠠᠯᠠᠮᠵᠢᠯᠠᠯ ᠢ ᠲᠦᠭ ᠲᠦᠮᠡᠨ | ᠠᠶᠢᠯ ᠡᠷᠦᠬᠡ ᠳᠤ ᠬᠦᠷᠭᠡᠵᠦ᠂ ᠣᠯᠠᠨ ᠲᠦᠮᠡᠨ ᠤ ᠰᠡᠳᠬᠢᠯ ᠳᠤ ᠬᠦᠷᠭᠡᠪᠡ᠃ ᠬᠤᠶᠢᠰᠢᠳᠠ ᠬᠤᠰᠢᠭᠤ | ᠤᠯᠠᠭᠠᠨᠮᠥ᠋ᠴᠢᠷ ᠤᠨ ᠲᠤᠭᠯᠠᠭᠴᠢᠳ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ | ᠠᠮᠢᠳᠤᠷᠠᠯ ᠤᠨ ᠰᠢᠮᠡᠯᠢᠭ ᠬᠥᠷᠥᠰᠥᠨ ᠳᠤ ᠦᠨᠳᠦᠰᠦᠯᠡᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ | ᠡᠷᠴᠢ ᠵᠣᠷᠢᠭ ᠢᠶᠠᠨ ᠬᠦᠪᠴᠢᠯᠡᠨ᠂ ᠦᠢᠯᠡᠴᠢᠯᠡᠭᠡᠨ ᠤ ᠬᠡᠯᠪᠡᠷᠢ ᠪᠠᠨ ᠲᠠᠰᠤᠷᠠᠯᠲᠠ ᠦᠭᠡᠢ ᠰᠢᠨᠡᠴᠢᠯᠡᠵᠦ᠂ ᠪᠠᠶᠠᠷ | ᠪᠠᠶᠠᠰᠤᠯ ᠪᠠ ᠪᠣᠯᠪᠠᠰᠤᠨ ᠢ ᠦᠨᠳᠦᠰᠦᠨ ᠱᠠᠳᠤᠨ ᠳᠤ ᠬᠦᠷᠭᠡᠵᠦ᠂ ᠨᠠᠮ ᠤᠨ ᠳᠠᠭᠤᠨ ᠪᠠ ᠬᠠᠯᠠᠮᠵᠢᠯᠠᠯ ᠢ | ᠳᠠᠮᠵᠢᠭᠤᠯᠤᠨ᠂ ᠠᠷᠠᠳ ᠲᠦᠮᠡᠨ ᠳᠤ ᠨᠡᠩ ᠰᠠᠶᠢᠨ ᠤᠶᠢᠯᠡᠴᠢᠯᠡᠬᠦ ᠪᠤᠯᠤᠨ᠎ᠠ᠃ |