ᠤᠯᠠᠭᠠᠨᠮᠦ᠋ᠴᠢᠷ ︽ᠪᠠᠶᠠᠷ ᠪᠠᠶᠠᠰᠤᠯ᠂ ᠪᠤᠯᠪᠠᠰᠤᠨ ᠢ ᠬᠦᠷᠬᠡᠬᠦ︾ ᠠᠵᠢᠯᠯᠠᠭ᠎ᠠ ᠪᠠᠷ ᠨᠠᠮ ᠲᠦᠷᠦ ᠶᠢᠨ ᠳᠠᠭᠤᠨ ᠪᠠ ᠬᠠᠶᠢᠷ᠎ᠠ ᠬᠠᠯᠠᠮᠵᠢᠯᠠᠯ ᠢ ᠠᠷᠠᠳ ᠤᠯᠠᠨ ᠳᠤ ᠪᠠᠨ ᠳᠠᠮᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/11/30
     ᠪᠥᠬᠦ ᠣᠷᠣᠨ ᠤ ᠤᠯᠠᠭᠠᠨᠮᠥ᠋ᠴᠢᠷ ᠤᠨ ︽ᠪᠠᠶᠠᠷ ᠪᠠᠶᠠᠰᠤᠯ ᠬᠦᠷᠭᠡᠵᠦ᠂ ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠤ ᠦᠶᠯᠡᠴᠢᠯᠡᠭᠡᠨ ᠤ ᠠᠵᠢᠯᠯᠠᠭ᠎ᠠ ᠳᠠᠬᠢᠨᠲᠠ ᠡᠬᠢᠯᠡᠬᠦ ᠶᠢ ᠳᠠᠭᠠᠯᠳᠤᠨ᠂ ᠬᠤᠰᠢᠭᠤ ᠤᠯᠠᠭᠠᠨᠮᠥ᠋ᠴᠢᠷ ᠤᠨ ᠭᠡᠰᠢᠬᠦᠳ ᠤᠯᠠᠨ ᠡᠳᠦᠷ ᠤᠨ ᠳᠤᠷᠰᠢ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ ᠢᠶᠠᠷ ᠭᠦᠨᠵᠡᠭᠡᠶᠢᠷᠡᠨ ᠲᠣᠭᠯᠠᠯᠲᠠ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠠᠷᠠᠳ ᠲᠦᠮᠡᠨ ᠤ ᠳᠤᠮᠳᠠ ᠨᠠᠮ ᠲᠦᠷᠦ ᠶᠢᠨ ᠲᠠᠭᠤᠨ ᠪᠠ ᠬᠠᠶᠢᠷ᠎ᠠ ᠬᠠᠯᠠᠮᠵᠢᠯᠠᠯ ᠢ ᠳᠠᠮᠵᠢᠭᠤᠯᠵᠤ ᠪᠠᠶᠢᠨ᠎ᠠ᠃      ᠬᠤᠰᠢᠭᠤ ᠳᠥᠷᠪᠡᠳᠦᠭᠡᠷ ᠪᠠᠭ᠎ᠠ ᠰᠤᠷᠭᠠᠭᠤᠯᠢ ᠶᠢᠨ ᠪᠡᠶ᠎ᠡ ᠲᠠᠮᠢᠷ ᠤᠨ ᠣᠷᠳᠣᠨ ᠳᠤ ︽ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ ᠰᠢᠨ᠎ᠡ ᠴᠠᠭ ᠦᠶ᠎ᠡ ᠶᠢᠨ ᠬᠤᠪᠢᠰᠬᠠᠯᠲᠤ ᠪᠢᠴᠢᠬᠠᠨ ᠮᠣᠷᠢᠲᠤ ᠴᠡᠷᠢᠭ ᠪᠣᠯᠤᠶ᠎ᠠ︾ ᠭᠡᠬᠦ ᠭᠤᠤᠯ ᠰᠡᠳᠦᠪᠲᠦ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ᠂ ᠬᠤᠰᠢᠭᠤ ᠤᠯᠠᠭᠠᠨᠮᠥ᠋ᠴᠢᠷ  ᠤᠨ ᠭᠡᠰᠢᠭᠦᠳ ᠪᠣᠯᠤᠨ ᠳᠥᠷᠪᠡᠳᠦᠭᠡᠷ ᠪᠠᠭ᠎ᠠ ᠰᠤᠷᠭᠠᠭᠤᠯᠢ ᠶᠢᠨ ᠪᠦᠮᠪᠦᠷᠴᠢᠳ ᠤᠨ ᠨᠡᠶᠢᠭᠡᠮᠯᠢᠭ ᠤᠨ ᠬᠠᠮᠳᠤ ᠶᠢᠨ ᠳᠤᠭᠯᠠᠯᠳᠠ ᠪᠠᠷ ᠰᠦᠷ ᠵᠢᠪᠬᠤᠭᠠᠳᠠᠢ ᠡᠬᠢᠯᠡᠨ᠂ ᠡᠷᠲᠡᠨ ᠤ ᠶᠠᠲᠤᠭ᠎ᠠ᠂ ᠮᠤᠩᠭᠤᠯ ᠪᠥᠵᠢᠭ ᠵᠡᠷᠭᠡ ᠭᠤᠴᠤ ᠰᠠᠶᠢᠬᠠᠨ ᠳᠤᠭᠯᠠᠯᠳᠠ ᠠᠷᠤ ᠠᠷᠤ ᠠᠴᠠ ᠪᠠᠨ ᠶᠠᠪᠤᠭᠳᠠᠨ᠂ ᠳᠠᠯ᠎ᠠ ᠨᠤᠳᠤᠭ ᠤᠨ ᠠᠷᠠᠳ ᠲᠦᠮᠡᠨ ᠤ ᠦᠭᠡᠳᠡᠷᠡᠭ ᠵᠢᠪᠬᠤᠭ᠎ᠠ᠂ ᠠᠴᠢᠳᠤ ᠨᠠᠮ ᠡᠭᠡ ᠤᠷᠤᠨ ᠡᠯᠢᠭᠡᠨ ᠲᠦᠮᠡᠨ ᠳᠤ ᠪᠠᠨ ᠬᠡᠰᠡᠨ ᠬᠠᠶᠢᠷ᠎ᠠ ᠰᠡᠳᠬᠢᠯᠬᠡ ᠶᠢ ᠢᠯᠡᠷᠡᠬᠦᠯᠦᠯ᠎ᠡ᠃      ᠤᠯᠠᠭᠠᠨᠮᠥ᠋ᠴᠢᠷ ᠤᠨ ᠭᠡᠰᠢᠭᠦᠳ ᠤᠨ ᠳᠤᠭᠯᠠᠭᠰᠠᠨ ︽ᠰᠥᠨᠢᠳ ᠤᠨ ᠬᠦᠷᠡᠩ ᠳᠡᠮᠡᠭᠡᠳ︾᠂ ︽ᠡᠷᠬᠢᠮ ᠨᠠᠨᠳᠢᠨ ᠬᠠᠷᠢᠭᠤ ᠵᠠᠬᠢᠳᠠᠯ︾᠂ ︽ᠮᠠᠨ ᠤ ᠤᠯᠠᠭᠠᠨᠮᠥ᠋ᠴᠢᠷ︾ ᠵᠡᠷᠭᠡ ᠨᠢ ᠰᠦᠨᠢᠳ ᠤᠨ ᠳᠠᠯ᠎ᠠ ᠶᠢᠨ ᠡᠯ᠎ᠡ ᠦᠨᠳᠦᠰᠦᠳᠡᠨ ᠤ ᠠᠷᠠᠳ ᠲᠦᠮᠡᠨ ᠤ ᠡᠶ᠎ᠡ ᠨᠠᠶᠢᠷᠠᠮᠳᠠᠯ ᠲᠠᠢ ᠠᠵᠤ ᠲᠦᠷᠦᠨ᠂ ᠡᠬᠡ ᠤᠷᠤᠨ ᠤ ᠪᠠᠨ ᠬᠦᠭᠵᠢᠯ ᠴᠡᠴᠡᠭᠯᠡᠯ ᠳᠤ ᠬᠠᠮᠳᠤ ᠶᠢᠨ ᠬᠦᠴᠦᠨ ᠢᠶᠠᠨ ᠡᠷᠬᠦᠨ ᠪᠤᠢ ᠶᠢ ᠪᠦᠲᠦᠭᠡᠯᠴᠢ ᠪᠠᠷ ᠳᠤᠰᠬᠠᠭᠰᠠᠨ ᠢᠶᠠᠷ ᠦᠯᠦ ᠪᠠᠷᠠᠨ᠂ ᠤᠯᠠᠭᠠᠨᠮᠦ᠋ᠴᠢᠷ ᠤᠨ ᠬᠡᠰᠢᠬᠦᠳ ᠤᠨ ᠨᠢᠭᠡ ᠳᠤ ᠮᠡᠷᠭᠡᠰᠢᠵᠦ ᠤᠯᠠᠨ ᠳᠤ ᠴᠠᠭᠠᠷᠠᠭᠰᠠᠨ ᠭᠠᠶᠢᠬᠠᠯᠳᠠᠢ ᠠᠪᠢᠶᠠᠰ᠂ ᠭᠠᠷᠮᠠᠭᠠᠢ ᠵᠢᠳᠬᠦᠯ ᠢ ᠬᠦᠢᠴᠡᠳ ᠬᠠᠷᠠᠭᠤᠯᠤᠯ᠎ᠠ᠃      ᠶᠡᠷᠦᠩᠬᠡᠶ ᠱᠦᠵᠢ ᠶᠢᠨ ᠬᠠᠷᠢᠭᠤ ᠵᠠᠬᠢᠳᠠᠯ ᠢ ᠳᠤᠰᠤᠭᠰᠠᠨ ᠠᠴᠠ ᠨᠠᠰᠢ᠂ ᠬᠤᠰᠢᠭᠤ ᠤᠯᠠᠭᠠᠨᠮᠥ᠋ᠴᠢᠷ ᠤᠨ  ᠬᠢᠨ ᠤᠳᠬ᠎ᠠ ᠤᠷᠠᠯᠢᠭ ᠤᠨ ᠵᠤᠬᠢᠶᠠᠨ ᠪᠦᠲᠦᠭᠡᠯᠭᠡ ᠶᠢᠨ ᠰᠢᠨ᠎ᠡ ᠶᠢ ᠡᠭᠦᠳᠬᠦ ᠶᠢ ᠦᠷᠭᠦᠯᠵᠢᠯᠡᠨ ᠴᠢᠩᠭᠠᠳᠬᠠᠵᠤ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ᠂ ᠤᠯᠠᠭᠠᠨᠮᠥ᠋ᠴᠢᠷ ᠤᠨ ︽ᠬᠤᠶᠠᠷ ᠢ ᠴᠣᠭᠴᠠᠯᠠᠬᠤ︾᠂ ︽ᠰᠤᠷᠤᠯᠴᠠᠬᠤ᠂ ᠡᠭᠦᠳᠬᠦ᠂ ᠳᠤᠭᠯᠠᠬᠤ︾ ᠵᠡᠷᠭᠡ ᠭᠤᠤᠯᠳᠠᠯᠭ᠎ᠠ ᠲᠠᠢ ᠬᠠᠷᠠᠯᠲᠠ ᠡᠭᠦᠷᠭᠡ ᠶᠢᠨ ᠲᠣᠭᠤᠷᠢᠨ ᠳᠤ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠪᠠᠨ ᠳᠤᠭᠤᠷᠪᠢᠨ᠂  ᠣᠷᠣᠨ᠂ ᠠᠶᠢᠮᠠᠭ ᠤᠨ ᠱᠠᠲᠤᠨ ᠤ ᠵᠢᠷᠠᠭᠠᠳ ᠲᠦᠷᠦᠯ ᠤᠨ ᠵᠣᠬᠢᠶᠠᠨ ᠪᠦᠲᠦᠭᠡᠯᠭᠡ᠂ ᠲᠣᠭᠯᠠᠯᠲᠠ ᠶᠢᠨ ᠱᠠᠩᠨᠠᠯ ᠢᠶᠠᠷ ᠡᠩᠭᠡᠷ ᠢᠶᠠᠨ ᠮᠢᠯᠢᠶᠠᠯᠭᠠᠨ᠂ ᠢᠷᠠᠭᠤ ᠠᠯᠳᠠᠷ ᠬᠦᠷᠳᠡᠭᠰᠡᠨ ᠶᠤᠮ᠃ ᠦᠨᠳᠦᠰᠦᠨ ᠱᠠᠳᠤᠨ ᠤ ᠮᠠᠯᠴᠢᠨ ᠲᠦᠮᠡᠨ ᠤ ᠠᠮᠢᠳᠤᠷᠠᠯ ᠠᠴᠠ ᠡᠬᠦᠰᠦᠭᠰᠡᠨ ᠤᠯᠠᠨ ᠰᠠᠶᠢᠬᠠᠨ ᠪᠦᠲᠦᠭᠡᠯ ᠨᠢ ᠦᠵᠡᠭᠴᠢᠳ ᠤᠯᠠᠨ ᠤ ᠪᠠᠨ ᠳᠠᠭᠠᠰᠢᠶᠠᠯ ᠢ ᠬᠦᠷᠳᠡᠵᠦ᠂ ᠤᠯᠠᠭᠠᠨᠮᠦ᠋ᠴᠢᠷ ᠤᠨ ᠬᠡᠰᠢᠬᠦᠳ ᠮᠠᠨᠢ ᠴᠦ ︽ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠪᠦᠲᠦᠭᠡᠯ ᠢᠶᠠᠷ ᠨᠠᠮ ᠲᠦᠷᠦ ᠶᠢᠨ ᠲᠠᠭᠤᠨ ᠪᠠ ᠬᠠᠶᠢᠷ᠎ᠠ ᠬᠠᠯᠠᠮᠵᠢᠯᠠᠯ ᠢ ᠰᠠᠶᠢᠲᠤᠷ ᠳᠠᠮᠵᠢᠭᠤᠯᠵᠤ᠂ ᠦᠨᠳᠦᠰᠦᠨ ᠱᠠᠲᠤᠨ ᠤ ᠣᠯᠠᠨ ᠲᠦᠮᠡᠨ ᠳᠤ ᠪᠠᠶᠠᠷ ᠪᠠᠶᠠᠰᠤᠯ ᠪᠠ ᠪᠣᠯᠪᠠᠰᠤᠨ ᠢ ᠬᠦᠷᠭᠡᠬᠦ ᠬᠦᠷᠭᠡᠨ᠎ᠡ᠃︾ ᠭᠡᠰᠡᠨ ᠭᠠᠭᠴᠠ ᠵᠤᠷᠢᠯᠳᠠ ᠪᠠᠷ ᠬᠦᠳᠡᠭᠡ ᠪᠠᠭᠤᠵᠤ᠂ ᠦᠨᠳᠦᠰᠦᠨ ᠱᠠᠳᠤᠨ ᠳᠤ ᠬᠦᠨᠵᠡᠭᠡᠶᠢᠷᠡᠨ᠂ ᠠᠵᠢᠯ ᠤᠨ ᠶᠠᠳᠠᠷᠠᠭ᠎ᠠ᠂ ᠠᠶᠠᠨ ᠤ ᠴᠢᠯᠡᠭᠡ ᠶᠢ ᠬᠠᠶᠢᠬᠤᠷᠤᠯ ᠦᠬᠡᠢ ᠵᠢᠳᠬᠦᠵᠦ ᠶᠠᠪᠤᠭ᠎ᠠ ᠪᠢᠯᠡ᠃ ᠳᠤᠰ ᠤᠳᠠᠭᠠᠨ ᠤ ᠳᠤᠭᠯᠠᠯᠳᠠ ᠪᠠᠷ ᠳᠡᠳᠡ ︽ᠬᠦᠳᠡᠭᠡ ᠪᠠᠭᠤᠶ᠎ᠠ︾ ᠭᠡᠬᠦ ᠰᠢᠨ᠎ᠡ ᠳᠤᠭᠯᠠᠯᠳᠠ  ᠪᠠᠨ ᠦᠷᠭᠡᠨ ᠤᠯᠠᠨ ᠪᠠᠭᠰᠢ ᠰᠤᠷᠤᠭᠴᠢᠳ ᠲᠤ ᠡᠷᠬᠦᠨ ᠪᠠᠷᠢᠭᠰᠠᠨ ᠪᠠᠶᠢᠨ᠎ᠠ᠃      ᠰᠢᠨ᠎ᠡ ᠠᠶᠠᠨ ᠵᠠᠮ ᠳᠤ᠂ ᠤᠯᠠᠭᠠᠨᠮᠥ᠋ᠴᠢᠷ ᠤᠨ ᠭᠡᠰᠢᠭᠦᠳ ᠦᠷᠭᠦᠯᠵᠢᠯᠡᠨ ᠠᠮᠢᠳᠤᠷᠠᠯ ᠳᠤ ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠵᠦ᠂ ᠴᠢᠩ ᠦᠨᠡᠨᠴᠢ ᠬᠠᠶᠢᠷ᠎ᠠ ᠰᠡᠳᠬᠢᠯᠭᠡ ᠪᠠᠨ ᠬᠤᠪᠢᠰᠬᠠᠯ ᠤᠨ ᠰᠢᠯᠢᠳᠡᠭ ᠪᠦᠲᠦᠭᠡᠯ ᠪᠣᠯᠭᠠᠨ ᠬᠤᠪᠢᠷᠠᠭᠤᠯᠵᠤ᠂ ᠨᠠᠮ ᠤᠨ ᠭᠠᠶᠢᠬᠠᠮᠰᠢᠭᠲᠤ ᠳᠡᠦᠭᠡ ᠶᠢ ᠪᠢᠴᠢᠭᠯᠡᠵᠦ᠂ ᠠᠷᠠᠳ ᠤᠨ ᠪᠠᠭᠠᠲᠤᠷᠴᠤᠳ ᠢ ᠮᠠᠭᠲᠠᠨ ᠳᠠᠭᠤᠯᠠᠵᠤ᠂ ᠨᠠᠩ ᠥᠪᠡᠷᠮᠢᠴᠡ ᠰᠣᠳᠣᠨ ᠪᠦᠲᠦᠭᠡᠯ ᠢᠶᠠᠷ ᠢᠶᠠᠨ ᠨᠠᠮ ᠤᠨ ᠲᠠᠭᠤᠨ ᠪᠠ ᠬᠠᠯᠠᠮᠵᠢᠯᠠᠯ ᠢ ᠣᠯᠠᠨ ᠲᠦᠮᠡᠨ ᠤ ᠰᠡᠳᠬᠢᠯ ᠳᠤ ᠳᠠᠮᠵᠢᠭᠤᠯᠵᠤ᠂ ᠰᠣᠶᠣᠯ ᠤᠨ ᠬᠥᠭᠵᠢᠯᠲᠡ ᠶᠢᠨ ᠦᠷ᠎ᠡ ᠪᠦᠲᠦᠭᠡᠯ  ᠢ ᠨᠠᠩ ᠣᠯᠠᠨ᠂ ᠨᠠᠩ ᠭᠤᠤᠯᠴᠢ ᠪᠠᠷ ᠦᠨᠳᠦᠰᠦᠨ ᠱᠠᠲᠤᠨ ᠤ ᠣᠯᠠᠨ ᠲᠦᠮᠡᠨ ᠳᠤ ᠬᠦᠷᠳᠡᠭᠡᠵᠦ ᠪᠠᠶᠢᠭ᠎ᠠ ᠶᠤᠮ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号