ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠤᠳᠠᠭᠠᠨ ᠤ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/11/7
     11 ᠰᠠᠷ᠎ᠠ ᠶᠢᠨ 5 ᠤ ᠡᠳᠦᠷ᠂ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠤᠳᠠᠭᠠᠨ ᠤ ᠬᠤᠷᠠᠯ ᠬᠤᠷᠠᠯᠳᠤᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠲᠡᠮᠦᠷ ᠬᠤᠷᠠᠯ ᠡᠷᠬᠢᠯᠡᠨ᠂ ᠪᠠᠶᠢᠩᠭᠤ ᠶᠢᠨ ᠬᠤᠷᠢᠶᠠᠨ ᠤ ᠪᠦᠬᠦ ᠪᠦᠷᠢᠯᠳᠦᠬᠦᠨ ᠬᠤᠷᠠᠯ ᠳᠤ ᠣᠷᠣᠯᠴᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠮᠥᠷᠡᠨ᠂ ᠬᠤᠰᠢᠭᠤ ᠳᠡᠳ᠋ ᠳᠠᠷᠤᠭ᠎ᠠ ᠬᠠᠨ ᠶᠦᠩ ᠴᠢᠩ᠂ ᠯᠢ ᠱᠤᠸᠠᠢ ᠬᠤᠷᠠᠯ ᠳᠤ ᠰᠤᠯᠠ ᠣᠷᠣᠯᠴᠠᠪᠠ᠃      ᠲᠡᠮᠦᠷ ᠵᠢᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦ ᠲᠠᠯ᠎ᠠ ᠪᠠᠷ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠠᠶᠠᠨ ᠵᠠᠮ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠢᠳᠡᠪᠬᠢᠲᠡᠢ ᠦᠢᠯᠡᠳᠦᠯᠭᠡᠵᠢᠭᠦᠯᠬᠦ ᠬᠡᠷᠡᠭᠲᠡᠢ᠃ ᠬᠤᠰᠢᠭᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠪᠠᠷ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠭᠠᠷᠳᠠᠬᠤ ᠴᠡᠭ ᠪᠠ ᠬᠦᠴᠦᠯᠡᠬᠦ ᠴᠡᠭ ᠢ ᠤᠯᠠᠮ ᠣᠨᠣᠪᠴᠢᠲᠠᠶ ᠣᠯᠵᠤ᠂ ᠣᠳᠣᠬᠠᠨ ᠤ ᠪᠠ ᠢᠷᠡᠬᠦ ᠵᠢᠯ ᠤᠨ ᠠᠵᠢᠯ ᠤᠨ ᠲᠥᠯᠥᠪᠯᠡᠭᠡ ᠶᠢ ᠨᠠᠷᠢᠨ ᠬᠢᠨᠠᠮᠠᠭᠠᠶ ᠲᠥᠯᠥᠪᠯᠡᠵᠦ᠂ ᠬᠠᠨᠳᠤᠯᠭᠠᠲᠤ ᠴᠢᠨᠠᠷ ᠢᠶᠠᠷ ᠴᠢᠩᠭ᠎ᠠ ᠡᠭᠦᠷᠭᠡ ᠲᠤᠰᠢᠶᠠᠯ ᠢᠶᠠᠨ ᠭᠦᠶᠴᠡᠳᠬᠡᠬᠦ ᠲᠥᠷᠥᠯ ᠵᠦᠶᠯ ᠢ ᠪᠣᠶ ᠪᠣᠯᠭᠠᠵᠤ᠂ ᠳᠠᠷᠤᠶ ᠲᠦᠷᠭᠡᠨ ᠭᠦᠶᠴᠡᠳᠬᠡᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠤᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠶᠯᠡᠴᠢᠯᠡᠬᠦ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠲᠤᠰᠢᠶᠠᠯ ᠢᠶᠠᠨ  ᠭᠦᠶᠴᠡᠳᠬᠡᠬᠦ ᠰᠢᠨ᠎ᠡ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ᠂ ᠦᠷᠭᠦᠯᠵᠢᠯᠡᠬᠦ  ᠬᠥᠭᠵᠢᠯᠲᠡ ᠶᠢ  ᠠᠬᠢᠭᠤᠯᠬᠤ ᠬᠡᠷᠡᠭᠲᠡᠶ ᠭᠡᠵᠡᠢ᠃      ᠬᠤᠷᠠᠯ ᠠᠴᠠ ᠬᠤᠰᠢᠭᠤ ᠠᠷᠠᠳ ᠤᠨ ᠵᠠᠰᠠᠭ ᠤᠨ ᠣᠷᠳᠣᠨ ᠤ 2023 ᠣᠨ ᠤ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ᠂ ᠪᠦᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠮᠡᠳᠡᠭᠦᠯᠦᠯᠲᠡ᠂ ᠭᠤᠣᠯᠳᠠᠯᠭ᠎ᠠ ᠲᠠᠢ ᠲᠥᠷᠦᠯ ᠵᠦᠢᠯ ᠤᠨ ᠪᠦᠲᠦᠭᠡᠨ ᠪᠠᠢᠭᠤᠯᠤᠯᠲᠠ ᠶᠢᠨ ᠠᠵᠢᠯ ᠤᠨ ᠮᠡᠳᠡᠭᠦᠯᠦᠯᠲᠡ᠂ ᠪᠦᠬᠦ ᠬᠤᠰᠢᠭᠤᠨ ᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠤᠨ ᠠᠬᠢᠴᠠ ᠶᠢᠨ ᠮᠡᠳᠡᠭᠦᠯᠦᠯᠲᠡ᠂ ᠪᠦᠬᠦ ᠬᠤᠰᠢᠭᠤᠨ ᠤ ᠠᠵᠤ ᠦᠶᠯᠡᠳᠪᠦᠷᠢ ᠶᠢᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠮᠡᠳᠡᠭᠦᠯᠦᠯᠲᠡ᠂ ᠪᠦᠬᠦ ᠣᠷᠣᠨ ᠪᠦᠰᠡ ᠶᠢᠨ ᠵᠤᠭᠠᠴᠠᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠵᠦ᠂ ︽ᠰᠥᠨᠢᠳ ᠪᠠᠷᠠᠭᠤᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠠᠰᠠᠭ ᠤᠨ ᠣᠷᠳᠣᠨ ᠤ ᠥᠷᠢ ᠦᠭᠴᠡᠭᠡᠨ ᠤ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠬᠦ ᠲᠦᠷᠢᠮ︾ ᠪᠠ ︽ᠰᠥᠨᠢᠳ ᠪᠠᠷᠠᠭᠤᠨ ᠬᠤᠰᠢᠭᠤᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠶᠢᠨ ᠣᠶᠤᠨ ᠤ ᠬᠥᠮᠥᠷᠭᠡ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠠᠰᠠᠭᠤᠨ ᠯᠠᠪᠯᠠᠬᠤ ᠰᠦᠢᠳᠭᠡᠯ ᠤᠨ ᠵᠠᠷᠤᠯᠭ᠎ᠠ ᠶᠢᠨ ᠲᠦᠷ ᠬᠡᠷᠡᠭᠵᠢᠭᠦᠯᠬᠦ ᠠᠷᠭ᠎ᠠ︾  ᠶᠢ ᠬᠢᠨᠠᠨ ᠵᠥᠪᠯᠡᠵᠦ ᠪᠠᠳᠤᠯᠠᠨ᠂ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠪᠠᠲᠤᠯᠠᠵᠤ᠂ ᠲᠥᠯᠥᠭᠡᠯᠡᠭᠴᠢ ᠶᠢ ᠨᠥᠬᠦᠨ ᠰᠣᠩᠭᠤᠬᠤ ᠶᠠᠪᠤᠳᠠᠯ ᠢ ᠲᠣᠭᠲᠠᠭᠠᠪᠠ᠃      ᠶᠡᠭᠡ ᠬᠤᠷᠠᠯ ᠠᠴᠠ ᠪᠠᠰᠠ ︽ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ︾᠂ ︽ᠰᠦᠨ ᠱᠤᠤ ᠴᠧᠩ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶᠠᠨ︾ ᠤ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠵᠤ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠦᠶᠯᠡᠰ ᠢ ᠪᠠᠲᠤᠯᠠᠭᠰᠠᠨ ᠤ ᠬᠠᠮᠳᠤ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠤ᠂ ᠲᠤᠰᠢᠶᠠᠯ  ᠳᠤ ᠲᠣᠮᠢᠯᠠᠬᠤ ᠪᠢᠴᠢᠭ ᠭᠠᠷᠳᠠᠭᠤᠯᠪᠠ᠃  
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号