ᠬᠥᠳᠡᠭᠡ ᠲᠣᠰᠬᠤᠨ ᠪᠣᠯ ᠦᠨᠳᠦᠰᠦᠨ ᠱᠠᠲᠤᠨ ᠤ ᠺᠠᠳ᠋ᠷ ᠤᠨ ᠠᠵᠢᠯ ᠤᠨ ᠭᠤᠤᠯ ᠲᠠᠯᠠᠪᠤᠷ ᠪᠤᠯᠤᠨ᠎ᠠ᠃ | ᠵᠢᠷᠦᠬᠡ ᠪᠠᠯᠭᠠᠰᠤᠨ ᠤ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠭᠡᠰᠢᠭᠦᠨ ᠫᠠᠨ ᠮᠧᠢ ᠦᠨᠳᠦᠰᠦᠨ ᠱᠠᠳᠤᠨ ᠳᠤ ᠳᠤᠮᠢᠯᠠᠭᠳᠠᠭᠰᠠᠨ ᠨᠢᠭᠡ ᠵᠢᠯ ᠤᠨ ᠲᠤᠷᠰᠢ᠂ ᠪᠦᠬᠦ | ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠶᠢ ᠠᠵᠢᠯ ᠤᠨ ᠢᠶᠠᠨ ᠵᠣᠷᠢᠯᠲᠠ ᠪᠣᠯᠭᠠᠵᠤ᠂ | ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠪᠦᠷᠢᠯᠡᠯ ᠢ ᠠᠳᠬᠤᠵᠤ᠂ ᠠᠷᠠᠳ ᠤᠨ ᠬᠦᠴᠢᠷ ᠵᠣᠪᠠᠨᠢᠯ ᠢ | ᠰᠢᠢᠳᠪᠦᠷᠢᠯᠡᠵᠦ᠂ ᠪᠤᠳᠠᠳᠤ ᠠᠵᠢᠯᠯᠠᠭ᠎ᠠ ᠪᠠᠷ ᠢᠶᠠᠨ ᠡᠭᠦᠷᠭᠡᠯᠡᠯ ᠢᠶᠠᠨ ᠢᠯᠡᠷᠡᠭᠦᠯᠵᠦ᠂ ᠦᠨᠡᠨᠴᠢ ᠦᠢᠯᠡᠴᠢᠯᠡᠭᠡ ᠪᠠᠷ | ᠢᠶᠠᠨ ᠤᠯᠠᠨ ᠤ ᠰᠡᠳᠬᠢᠯ ᠢ ᠳᠤᠯᠠᠭᠠᠯᠠᠯ᠎ᠠ᠃ | ᠭᠠᠴᠠᠭᠠᠨ ᠤ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠬᠢᠬᠦ ᠤᠷᠤᠯᠳᠤᠭᠠᠨ ᠤ ᠲᠤᠬᠠᠶ | ᠶᠢᠨ ᠲᠠᠯᠠᠪᠠᠶ ᠳᠤ᠂ ᠠᠵᠢᠯᠯᠠᠭᠠᠨ ᠤ ᠪᠡᠯᠡᠳᠬᠡᠯ ᠠᠵᠢᠯ ᠤᠨ ᠬᠠᠷᠢᠭᠤᠴᠠᠯᠭᠠᠲᠠᠨ ᠪᠣᠯᠤᠭᠰᠠᠨ ᠫᠠᠨ ᠮᠧᠶ ᠲᠤᠰᠢᠶᠠᠯ ᠤᠨ | ᠮᠡᠳᠡᠭᠦᠯᠦᠯᠲᠡ ᠬᠢᠭᠰᠡᠨ 29 ᠭᠠᠴᠠᠭᠠᠨ ᠤ ᠱᠦᠵᠢ ᠨᠠᠷ ᠲᠤ ᠶᠠᠷᠦᠩᠭᠡᠶᠢᠯᠡᠭᠰᠡᠨ ᠦᠨᠡᠯᠡᠯᠳᠡ ᠬᠢᠵᠦ ᠪᠠᠶᠢᠯ᠎ᠠ᠃ | ᠵᠢᠷᠦᠬᠡ ᠪᠠᠯᠭᠠᠰᠤᠨ ᠤ ᠲᠤᠰᠬᠠᠶ ᠲᠤᠰᠢᠶᠠᠯᠲᠤ ᠳᠡᠳ᠋ ᠱᠦᠵᠢ ᠪᠣᠯᠤᠭᠰᠠᠨ ᠤ ᠬᠤᠪᠢ ᠳᠤ᠂ ᠬᠠᠷᠢᠶ᠎ᠠ ᠣᠷᠣᠨ ᠤ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ | ᠪᠣᠳᠣᠯᠬᠢᠯᠠᠵᠤ᠂ ᠤᠨᠴᠠᠯᠢᠭᠳᠤ ᠬᠢᠯᠠᠰ ᠴᠡᠭ ᠢ ᠭᠦᠨᠵᠡᠭᠡᠶ ᠠᠭᠤᠳᠠᠯᠵᠤ᠂ ᠦᠨᠳᠦᠰᠦᠨ ᠱᠠᠲᠤᠨ ᠤ ᠠᠰᠠᠭᠤᠳᠠᠯ ᠢ | ᠢᠯᠡᠷᠡᠭᠦᠯᠬᠦ᠂ ᠠᠰᠠᠭᠤᠳᠠᠯ ᠢ ᠰᠢᠶᠳᠪᠦᠷᠢᠯᠡᠬᠦ ᠶᠢ ᠢᠳᠡᠪᠬᠢᠲᠡᠶ ᠵᠢᠯᠤᠭᠤᠳᠴᠤ᠂ ᠡᠯ᠎ᠡ ᠵᠦᠢᠯ ᠤᠨ ᠠᠵᠢᠯ ᠢ | ᠯᠠᠪᠳᠠᠭᠤᠨ ᠪᠠᠳᠤᠳᠠᠢ ᠦᠷᠨᠢᠬᠦᠯᠪᠡ᠃ | ᠵᠢᠷᠦᠬᠡ ᠪᠠᠯᠭᠠᠰᠤ ᠨᠢ ᠮᠠᠨ ᠤ ᠬᠤᠰᠢᠭᠤᠨ ᠤ ᠴᠣᠷ ᠤᠨ ᠭᠠᠭᠴᠠ ᠲᠠᠷᠢᠶᠠᠯᠠᠩ᠂ ᠮᠠᠯ ᠠᠵᠤ ᠠᠬᠤᠶ ᠪᠠ | ᠠᠵᠤ ᠦᠶᠯᠡᠳᠪᠦᠷᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠪᠠᠯᠭᠠᠰᠤ ᠪᠣᠯᠤᠭᠰᠠᠨ ᠤ ᠬᠤᠪᠢ ᠳᠤ᠂ | ᠠᠵᠢᠯ ᠤᠨ ᠡᠭᠦᠷᠭᠡ ᠬᠦᠨᠳᠦ᠂ ᠦᠨᠳᠦᠰᠦᠨ ᠱᠠᠲᠤᠨ ᠤ ᠵᠠᠰᠠᠯᠲᠠ ᠶᠢᠨ ᠬᠦᠴᠢᠷᠳᠡᠯ ᠶᠡᠭᠡ ᠪᠠᠶᠢᠳᠠᠭ᠃ ᠫᠠᠨ ᠮᠧᠢ | ᠥᠪᠡᠷ ᠤᠨ ᠡᠭᠦᠷᠭᠡᠯᠡᠵᠦ ᠪᠠᠶᠢᠭ᠎ᠠ ᠬᠦᠨᠳᠦ ᠡᠭᠦᠷᠭᠡ ᠪᠠᠨ ᠭᠦᠨᠵᠡᠭᠡᠢ ᠣᠶᠢᠯᠠᠭᠠᠵᠤ᠂ ᠦᠨᠳᠦᠰᠦᠨ ᠱᠠᠲᠤᠨ ᠤ | ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠤᠷᠤᠯᠴᠠᠵᠤ᠂ ︽ | ᠠᠵᠢᠯ ᠬᠢᠬᠦ ᠳᠡᠭᠡᠨ ᠪᠤᠰᠢᠭᠤ ᠱᠠᠯᠠᠮᠠᠭᠠᠢ᠂ ᠠᠵᠢᠯ ᠳᠠᠭᠠᠨ ᠨᠠᠷᠢᠨ ᠬᠢᠨᠠᠮᠠᠭᠠᠢ ᠬᠠᠷᠢᠭᠤᠴᠠᠯᠭ᠎ᠠ ᠲᠠᠢ᠂ ᠲᠥᠪ ᠭᠤᠣᠯᠴᠢ᠂ | ᠢᠳᠡᠪᠬᠢ ᠠᠵᠢᠯ ᠤᠨ ᠤᠪᠤᠷ ᠢᠶᠠᠷ ᠪᠣᠳᠠᠲᠠᠢ ᠠᠵᠢᠯᠯᠠᠳᠠᠭ ︿ᠡᠮᠡᠭᠲᠡᠢ ᠪᠠᠭᠠᠲᠤᠷ﹀︾ ᠬᠡᠬᠦ ᠵᠡᠷᠭᠡ ᠵᠢᠷᠦᠬᠡ | ᠪᠠᠯᠭᠠᠰᠤᠨ ᠤ ᠺᠠᠳ᠋ᠷ ᠣᠯᠠᠨ ᠲᠦᠮᠡᠨ ᠤ ᠮᠠᠭᠳᠠᠭᠠᠯ ᠰᠠᠶᠢᠰᠢᠶᠠᠯ ᠳᠤᠮᠳᠠ᠂ ᠡᠯ᠎ᠡ ᠲᠠᠯ᠎ᠠ ᠶᠢᠨ ᠡᠬᠢ ᠪᠠᠶᠠᠯᠢᠭ ᠢ | ᠢᠳᠡᠪᠬᠢᠲᠡᠢ ᠵᠣᠬᠢᠴᠠᠭᠤᠯᠤᠨ ᠨᠢᠭᠡᠳᠦᠯᠲᠡᠢ ᠲᠥᠯᠥᠪᠵᠢᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ | ᠣᠷᠣᠭᠤᠯᠤᠯᠲᠠ ᠪᠠᠨ ᠨᠡᠮᠡᠭᠳᠡᠭᠦᠯᠦᠨ᠂ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ᠂ | ᠬᠠᠤᠯᠢ ᠬᠡᠷᠡᠭᠵᠢᠭᠦᠯᠬᠦ ᠠᠩᠬᠢ᠂ ᠦᠨᠳᠦᠰᠦᠨ ᠱᠠᠲᠤᠨ ᠤ ᠬᠥᠮᠦᠰ ᠤᠨ ᠰᠢᠭᠦᠬᠦ ᠲᠢᠩᠬᠢᠮ ᠵᠡᠷᠭᠡ ᠵᠢᠷᠦᠬᠡ ᠪᠠᠯᠭᠠᠰᠤᠨ | ᠤ ᠦᠨᠳᠦᠰᠦᠨ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ | ᠪᠡᠶ᠎ᠡ ᠪᠠᠨ ᠳᠠᠭᠠᠭᠠᠭᠰᠠᠨ ᠠᠯᠪᠠᠯᠠᠬᠤ ᠠᠰᠠᠷ ᠲᠤ ᠬᠦᠷᠭᠡᠵᠦ᠂ ᠠᠯᠪᠠᠯᠠᠬᠤ ᠬᠠᠲᠠᠭᠤ ᠲᠤᠨᠤᠭ ᠲᠥᠬᠦᠭᠡᠷᠦᠮᠵᠢ ᠶᠢ | ᠲᠡᠭᠦᠯᠳᠡᠷᠵᠢᠭᠦᠯᠦᠨ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠴᠤᠪᠤᠷᠠᠯ ᠢ ᠲᠣᠭᠲᠠᠭᠠᠨ ᠨᠡᠶᠢᠲᠡᠯᠡᠵᠦ᠂ | ᠠᠵᠢᠯᠳᠠᠨ ᠤ ᠲᠤᠬᠢᠷᠠᠭᠤᠯᠤᠯᠳᠠ ᠶᠢ ᠳᠡᠭᠦᠯᠳᠡᠷᠵᠢᠬᠦᠯᠵᠦ᠂ ᠤᠯᠠᠨ ᠲᠦᠮᠡᠨ ᠳᠤ ᠦᠨᠡᠨ ᠬᠦ ᠲᠦᠬᠦᠮ | ᠦᠵᠡᠬᠦᠯᠵᠡᠢ᠃ | ᠬᠠᠮᠲᠤ ᠠᠵᠢᠯᠯᠠᠭᠴᠢ ᠭᠤᠤ ᠯᠢᠨ ︵ᠫᠠᠨ ᠱᠦᠵᠢ ᠠᠵᠢᠯ ᠤᠨ ᠳᠤᠮᠳᠠ ᠪᠠᠨ ᠪᠤᠰᠢᠭᠤ ᠱᠠᠯᠠᠮᠠᠭᠠᠢ᠂ ᠠᠵᠢᠯ | ᠤᠨ ᠬᠡᠪ ᠪᠣᠯᠪᠠᠰᠤᠷᠠᠯ ᠦᠨᠳᠦᠷ᠂ ᠤᠯᠠᠨ ᠲᠦᠮᠡᠨ ᠢ ᠬᠠᠯᠠᠮᠵᠢᠯᠠᠨ ᠬᠠᠶᠢᠷᠠᠯᠠᠳᠠᠭ᠂ ᠮᠢᠨᠦ ᠦᠵᠡᠬᠦ ᠪᠠᠷ ᠲᠡᠷᠡ | ᠦᠨᠳᠦᠰᠦᠨ ᠱᠠᠲᠤᠨ ᠳᠤ ᠡᠷᠳᠡᠮ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠴᠠᠭ ᠦᠶ᠎ᠡ ᠶᠢᠨ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠬᠦ ᠶᠢ ᠦᠨᠡᠨ ᠬᠦ ᠪᠡᠶᠡᠯᠡᠬᠦᠯᠵᠦ ᠪᠡᠶᠢᠨ᠎ᠡ᠃︶ | ᠪᠥᠬᠦ ᠬᠤᠰᠢᠭᠤᠨ ᠤ ︽ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ︾ ᠤᠨ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠳᠠᠶᠢᠯᠪᠤᠷᠢᠯᠠᠭᠴᠢ᠂ ᠪᠥᠬᠦ ᠠᠶᠢᠮᠠᠭ ᠤᠨ ︽ᠬᠤᠪᠢᠰᠬᠠᠯᠲᠤ ᠲᠠᠶᠢᠯᠪᠤᠷᠢᠯᠠᠭᠴᠢ︾ ᠶᠢᠨ | ᠤᠬᠠᠭᠤᠯᠤᠨ ᠲᠠᠶᠢᠯᠪᠤᠷᠢᠯᠠᠬᠤ ᠬᠥᠮᠥᠷᠭᠡ ᠶᠢᠨ ᠴᠢᠳᠠᠪᠤᠷᠢᠲᠠᠨ ᠪᠣᠯᠤᠭᠰᠠᠨ ᠤ ᠬᠤᠪᠢ ᠳᠤ᠂ ᠲᠡᠷᠡ ᠢᠮᠠᠭᠲᠠ | ᠦᠨᠳᠦᠰᠦᠨ ᠱᠠᠲᠤᠨ ᠤ ᠡᠮᠦᠨ᠎ᠡ ᠹᠷᠣᠨᠲ ᠤᠨ ᠶᠠᠷᠢᠶᠠᠨ ᠤ ᠲᠠᠪᠴᠠᠩ ᠳᠤ ᠢᠳᠡᠪᠬᠢᠲᠡᠶ ᠣᠷᠣᠯᠴᠠᠵᠤ᠂ ︽ | ᠦᠨᠳᠦᠰᠦᠲᠡᠨ ᠤ ᠪᠦᠯᠬᠦᠮᠳᠡᠯ ᠤᠨ ᠦᠵᠡᠭᠦᠯᠦᠯᠭᠡ ᠶᠢᠨ ᠣᠷᠳᠣᠨ︾᠂ ︽ᠤᠯᠠᠭᠠᠨ ᠪᠤᠭᠴᠤ︾ ᠰᠢᠨ᠎ᠡ ᠴᠠᠭ ᠦᠶ᠎ᠡ | ᠶᠢᠨ ᠪᠤᠯᠪᠠᠰᠤᠨ ᠦᠶᠯᠡᠳᠦᠯᠭᠡ ᠶᠢᠨ ᠬᠥᠮᠦᠵᠢᠯ ᠤᠨ ᠰᠠᠭᠤᠷᠢᠨ ᠵᠡᠷᠭᠡ ᠡᠯ᠎ᠡ ᠲᠥᠷᠥᠯ ᠤᠨ ᠳᠡᠯᠭᠡᠨ ᠦᠵᠡᠭᠦᠯᠦᠯᠭᠡ | ᠶᠢᠨ ᠣᠷᠳᠣᠨ ᠳᠤ ᠢᠳᠡᠪᠬᠢᠲᠡᠶ ᠣᠷᠣᠯᠴᠠᠵᠤ᠂ ᠴᠢᠩ ᠦᠨᠡᠨᠴᠢ ᠬᠠᠶᠢᠷ᠎ᠠ ᠰᠡᠳᠬᠢᠯᠭᠡ᠂ ᠠᠮᠢᠳᠤᠯᠢᠭ ᠪᠤᠷᠤᠭᠵᠢᠭᠤᠨ | ᠦᠭᠡ ᠬᠡᠯᠡ᠂ ᠭᠦᠨ ᠵᠤᠵᠠᠭᠠᠨ ᠣᠨᠣᠯ ᠤᠨ ᠦᠨᠳᠦᠰᠦᠨ ᠪᠣᠯᠪᠠᠰᠤᠷᠠᠯ ᠢᠶᠠᠷ ᠢᠶᠠᠨ ᠤᠬᠠᠭᠤᠯᠤᠨ ᠲᠠᠶᠢᠯᠪᠤᠷᠢᠯᠠᠬᠤ | ᠠᠵᠢᠯ ᠢᠶᠠᠨ ᠳᠡᠭᠦᠰ ᠪᠡᠶᠡᠯᠡᠬᠦᠯᠵᠦ᠂ ᠨᠠᠮ ᠤᠨ ᠲᠠᠭᠤᠨ ᠢ ᠨᠠᠩ ᠥᠷᠭᠡᠨ᠂ ᠨᠠᠩ ᠬᠤᠯᠠ ᠳᠠᠮᠵᠢᠭᠤᠯᠪᠠ᠃ ᠲᠡᠷᠡ | ᠪᠠᠰᠠ ᠤᠷᠢᠳ ᠬᠤᠵᠢᠳ ᠪᠠᠯᠭᠠᠰᠤᠨ ᠳᠤ ︽ᠬᠤᠪᠢᠰᠬᠠᠯᠲᠤ ᠵᠢᠷᠦᠬᠡ︾᠂ ︽ᠠᠵᠤ ᠦᠶᠯᠡᠳᠪᠦᠷᠢ ᠮᠠᠯ ᠠᠵᠤ | ᠠᠬᠤᠶ ᠰᠡᠳᠬᠢᠯ ᠨᠢᠭᠡᠲᠡᠶ︾᠂ ︽ᠵᠢᠭᠠᠰᠤ ᠤᠰᠤᠨ ᠤ ᠬᠠᠶᠢᠷ᠎ᠠ ᠰᠡᠳᠬᠢᠯᠭᠡ ᠭᠦᠨ︾ ᠵᠡᠷᠭᠡ ᠭᠠᠵᠠᠷ ᠣᠷᠣᠨ ᠤ | ᠣᠨᠴᠠᠯᠢᠭ ᠲᠠᠢ ᠤᠬᠠᠭᠤᠯᠤᠨ ᠲᠠᠶᠢᠯᠪᠤᠷᠢᠯᠠᠬᠤ ᠲᠥᠷᠥᠯ ᠲᠡᠮᠳᠡᠭ ᠢ ᠰᠢᠨ᠎ᠡ ᠪᠠᠷ ᠡᠭᠦᠳᠴᠦ᠂ ᠺᠠᠳ᠋ᠷ ᠣᠯᠠᠨ ᠲᠦᠮᠡᠨ | ᠤ ᠨᠠᠮ ᠳᠤ ᠪᠠᠨ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠶᠢ ᠬᠥᠮᠦᠵᠢᠭᠦᠯᠦᠨ | ᠵᠢᠯᠣᠭᠤᠳᠴᠤ᠂ 2024 ᠣᠨ ᠳᠤ ᠡᠯ᠎ᠡ ᠲᠥᠷᠥᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠨᠡᠶᠢᠲᠡ | 50 ᠭᠠᠷᠤᠶ ᠤᠳᠠᠭ᠎ᠠ ᠥᠷᠨᠢᠭᠦᠯᠪᠡ᠃ | ᠫᠠᠨ ᠮᠧᠶ ᠤᠷᠢᠳ ᠬᠤᠵᠢᠳ ᠪᠥᠬᠦ ᠬᠤᠰᠢᠭᠤᠨ ᠤ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠭᠰᠠᠨ ᠰᠠᠶᠢᠨ ᠺᠠᠳ᠋ᠷ︾᠂ ︽ᠨᠠᠮ ᠤᠨ ᠬᠤᠷᠢᠶᠠᠨ ᠤ ᠰᠢᠯᠢᠳᠡᠭ ᠠᠵᠢᠯᠲᠠᠨ︾ ᠵᠡᠷᠭᠡ ᠢᠷᠠᠭᠤ ᠠᠯᠳᠠᠷ ᠢ | ᠬᠦᠷᠳᠡᠭᠰᠡᠨ ᠤ ᠬᠠᠮᠳᠤ᠂ ᠺᠠᠳ᠋ᠷ ᠤᠨ ᠬᠢᠨᠠᠨ ᠰᠢᠯᠭᠠᠯᠳᠠ ᠳᠤ ᠭᠤᠷᠪᠠᠨ ᠵᠢᠯ ᠳᠠᠷᠠᠭᠠᠯᠠᠨ ᠰᠢᠯᠢᠳᠡᠭ ᠢᠶᠠᠷ | ᠦᠨᠡᠯᠡᠭᠳᠡᠭᠰᠡᠨ ᠪᠥᠭᠡᠳ ᠭᠤᠷᠪᠠᠳᠤᠭᠠᠷ ᠳᠡᠰ ᠤᠨ ᠭᠠᠪᠢᠶ᠎ᠠ ᠳᠡᠮᠳᠡᠭᠯᠡᠬᠦᠯᠪᠡ᠃ | ᠫᠠᠨ ᠮᠧᠶ ︵ᠦᠨᠳᠦᠰᠦᠨ ᠱᠠᠲᠤᠨ ᠤ ᠺᠠᠳ᠋ᠷ ᠪᠣᠯᠤᠭᠰᠠᠨ ᠤ ᠬᠤᠪᠢ ᠳᠤ᠂ ᠡᠩ ᠲᠡᠷᠢᠭᠦᠨ ᠳᠤ ᠵᠠᠪᠠᠯ ᠠᠷᠠᠳ | ᠤᠨ ᠲᠥᠯᠥᠭᠡ ᠵᠢᠳᠬᠦᠬᠦ ᠰᠡᠳᠬᠢᠯᠭᠡ ᠲᠠᠢ ᠪᠠᠶᠢᠵᠤ᠂ ᠥᠪᠡᠷ ᠤᠨ ᠳᠦᠷᠢ ᠪᠠᠨ ᠬᠤᠪᠢᠷᠠᠭᠤᠯᠵᠤ᠂ ᠣᠯᠠᠨ ᠲᠦᠮᠡᠨ ᠤ | ᠰᠠᠶᠢᠨ ᠦᠶᠯᠡᠴᠢᠯᠡᠭᠴᠢ ᠪᠣᠯᠬᠤ ᠬᠡᠷᠡᠭᠲᠡᠶ ᠭᠡᠵᠦ ᠪᠢ ᠦᠵᠡᠵᠦ ᠪᠠᠶᠢᠨ᠎ᠠ᠂ ᠡᠨᠡ ᠪᠣᠯ ᠨᠢᠭᠡᠳᠦᠭᠡᠷ ᠵᠦᠶᠯ ᠪᠣᠯᠤᠨ᠎ᠠ᠃ | ᠬᠤᠶᠠᠳᠤᠭᠠᠷ ᠲᠤ᠂ ᠵᠢᠳᠬᠦᠯ ᠴᠢᠷᠮᠠᠶᠢᠯᠭ᠎ᠠ ᠭᠠᠷᠭᠠᠵᠤ᠂ ᠣᠶᠢᠯᠠᠭᠠᠬᠤ ᠰᠡᠳᠬᠢᠬᠦᠢ ᠲᠠᠢ ᠪᠠᠶᠢᠬᠤ ᠶᠢ ᠴᠢᠬᠤᠯᠠᠴᠢᠯᠠᠵᠤ᠂ | ᠠᠰᠠᠭᠤᠳᠠᠯ ᠢ ᠰᠢᠢᠳᠪᠦᠷᠢᠯᠡᠬᠦ ᠪᠠ ᠬᠦᠴᠢᠷᠳᠡᠯ ᠢ ᠰᠢᠢᠳᠪᠦᠷᠢᠯᠡᠬᠦ ᠪᠠᠷ ᠠᠵᠢᠯ ᠤᠨ ᠬᠠᠷᠠᠯᠲᠠ ᠪᠠᠨ ᠪᠣᠯᠭᠠᠵᠤ᠂ | ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠪᠠᠷ | ᠥᠪᠡᠷ ᠢ ᠪᠠᠨ ᠴᠢᠩᠭ᠎ᠠ ᠱᠠᠭᠠᠷᠳᠠᠬᠤ ᠬᠡᠷᠡᠭᠲᠡᠢ᠃︶ | ᠨᠢᠭᠡ ᠵᠢᠯ ᠤᠨ ᠲᠤᠷᠰᠢ᠂ ᠫᠠᠨ ᠮᠧᠢ ᠭᠠᠴᠠᠭ᠎ᠠ ᠲᠣᠰᠬᠤᠨ ᠤ ᠥᠨᠴᠥᠭ ᠪᠤᠯᠤᠩ ᠪᠦᠬᠦᠨ ᠳᠤ ᠬᠦᠷᠴᠦ᠂ | ᠦᠨᠳᠦᠰᠦᠨ ᠱᠠᠲᠤᠨ ᠳᠤ ᠭᠦᠨᠵᠡᠭᠡᠶᠢᠷᠡᠨ᠂ ᠺᠠᠳ᠋ᠷ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠶᠢᠯᠠᠭᠠᠵᠤ᠂ | ᠪᠠᠯᠭᠠᠰᠤ ᠪᠠᠨ ᠬᠦᠴᠦᠷᠬᠡᠭᠵᠢᠭᠦᠯᠵᠦ ᠠᠷᠠᠳ ᠢᠶᠠᠨ ᠪᠠᠶᠠᠵᠢᠭᠤᠯᠬᠤ ᠵᠠᠮ ᠢ ᠡᠷᠢᠯᠬᠢᠯᠡᠵᠦ᠂ ᠰᠢᠷᠭᠠᠭᠤ ᠠᠵᠢᠯᠯᠠᠨ | ᠪᠣᠳᠠᠲᠠᠢ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠥᠪᠡᠷ ᠤᠨ ᠦᠭᠡ ᠶᠠᠷᠢᠶ᠎ᠠ | ᠦᠢᠯᠡ ᠠᠵᠢᠯᠯᠠᠭ᠎ᠠ ᠪᠠᠷ ᠢᠶᠠᠨ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠤᠨ ᠬᠠᠷᠢᠭᠤᠴᠠᠯᠭ᠎ᠠ ᠪᠠ | ᠡᠭᠦᠷᠭᠡ ᠶᠢ ᠲᠠᠶᠢᠯᠪᠤᠷᠢᠯᠠᠪᠠ᠃ ᠲᠡᠷᠡ ᠳᠡᠭᠡᠳᠦ ᠬᠡᠮᠵᠢᠶᠡᠨ ᠤ ᠠᠵᠢᠯ ᠣᠶᠢᠯᠠᠰᠴᠢ ᠰᠡᠳᠬᠢᠯᠭᠡ᠂ ᠴᠢᠩᠭ᠎ᠠ | ᠬᠠᠷᠢᠭᠤᠴᠠᠯᠭᠠᠲᠤ ᠰᠡᠳᠬᠢᠯᠭᠡ᠂ ᠠᠵᠢᠯ ᠤᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠷᠠᠳ ᠤᠯᠠᠨ ᠤ ᠲᠦᠯᠦᠬᠡ | ᠵᠢᠳᠬᠦᠵᠦ᠂ ᠥᠷᠭᠡᠨ ᠣᠯᠠᠨ ᠺᠠᠳ᠋ᠷ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠵᠤ᠂ ᠬᠠᠷᠢᠭᠤᠴᠠᠯᠭ᠎ᠠ | ᠡᠭᠦᠷᠭᠡᠯᠡᠯ ᠵᠢᠳᠬᠦᠯ ᠴᠢᠷᠮᠠᠶᠢᠯᠭ᠎ᠠ ᠪᠠᠷ ᠢᠶᠠᠨ ᠨᠠᠮ ᠳᠠᠭᠠᠨ ᠬᠠᠷᠢᠴᠠᠯᠠᠰᠢ ᠥᠬᠡᠶ ᠦᠨᠡᠨᠴᠢ ᠰᠢᠳᠤᠷᠭᠤ ᠪᠠᠶᠢᠬᠤ ᠪᠠᠨ | ᠢᠯᠡᠷᠡᠬᠦᠯᠦᠯᠡ᠃ | ᠫᠠᠨ ᠮᠧᠢ ︵ᠤᠳᠤ ᠦᠨᠳᠦᠰᠦᠨ ᠱᠠᠲᠤᠨ ᠤ ᠠᠵᠢᠯ ᠮᠠᠰᠢ ᠶᠡᠭᠡ᠂ ᠭᠡᠪᠡᠴᠦ ᠮᠢᠨᠦ ᠦᠵᠡᠬᠦ ᠪᠠᠷ ᠦᠨᠳᠦᠰᠦᠨ | ᠱᠠᠲᠤᠨ ᠳᠤ ᠥᠷᠭᠡᠨ ᠠᠭᠤᠳᠠᠮ ᠣᠷᠣᠨ ᠵᠠᠢ ᠲᠠᠢ᠂ ᠶᠡᠭᠡ ᠦᠢᠯᠡᠰ ᠪᠦᠲᠦᠭᠡᠵᠦ ᠪᠤᠯᠤᠨ᠎ᠠ᠂ ᠪᠢ ᠯᠠᠪᠲᠠᠢ ᠬᠦᠴᠢᠷ | ᠪᠡᠷᠭᠡᠰᠢᠶᠡᠯ ᠢ ᠲᠡᠰᠪᠦᠷᠢᠯᠡᠵᠦ᠂ ᠰᠡᠳᠬᠢᠯ ᠰᠢᠭᠤᠳᠤᠨ ᠠᠵᠢᠯᠯᠠᠵᠤ᠂ ᠨᠠᠮ ᠤᠨ ᠪᠠᠶᠢᠭᠤᠯᠤᠯᠲᠠ ᠶᠢᠨ ᠬᠦᠳᠦᠯᠦᠨ | ᠳᠠᠭᠠᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠵᠢᠷᠦᠬᠡ ᠪᠠᠯᠭᠠᠰᠤᠨ ᠤ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠬᠢᠷᠢ ᠲᠦᠪᠰᠢᠨ ᠪᠣᠯᠤᠨ ᠪᠦᠬᠦ ᠪᠠᠯᠭᠠᠰᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ | ᠲᠦᠮᠡᠨ ᠤ ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠮᠲᠤ ᠪᠠᠷ ᠴᠢᠷᠮᠠᠶᠢᠵᠤ ᠪᠠᠶᠢᠭᠠᠳ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠠᠮᠵᠢᠯᠳᠠᠳᠠᠢ ᠤᠷᠤᠭᠰᠢᠯᠠᠨ᠎ᠠ᠃︶ |