ᠤᠶᠢᠷ᠎ᠠ ᠶᠢᠨ ᠡᠳᠦᠷ᠂ ᠮᠠᠨ ᠤ ᠬᠤᠰᠢᠭᠤ ᠰᠣᠨᠢᠨ ᠮᠡᠳᠡᠭᠡ ᠨᠡᠶᠢᠲᠡᠯᠡᠬᠦ ᠪᠠ ᠶᠠᠷᠢᠶ᠎ᠠ ᠬᠡᠯᠡᠯᠴᠡᠭᠡᠨ ᠤ | ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠡᠷᠭᠢᠯᠡᠵᠦ᠂ ᠰᠢ ᠶᠢᠨ | ᠫᠢᠩ ᠤᠨ ᠰᠣᠶᠣᠯ ᠤᠨ ᠦᠵᠡᠯ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠰᠣᠨᠢᠨ ᠮᠡᠳᠡᠭᠡᠨ ᠤ ᠶᠠᠷᠢᠶ᠎ᠠ | ᠬᠡᠯᠡᠯᠴᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠦ᠂ | ᠬᠦᠴᠦᠷᠬᠡᠭ ᠶᠡᠭᠡ ᠤᠯᠠᠮᠵᠢᠯᠠᠬᠤ ᠬᠦᠴᠦᠨ᠂ ᠬᠥᠲᠥᠯᠥᠨ ᠵᠢᠯᠣᠭᠤᠳᠬᠤ ᠬᠦᠴᠦᠨ᠂ ᠨᠥᠯᠥᠭᠡᠯᠡᠬᠦ ᠬᠦᠴᠦᠨ᠂ ᠣᠯᠠᠨ | ᠨᠡᠶᠢᠲᠡ ᠶᠢ ᠢᠲᠡᠭᠡᠭᠦᠯᠬᠦ ᠬᠦᠴᠦᠨ ᠢᠶᠠᠷ ᠭᠤᠣᠯ ᠶᠠᠷᠢᠶ᠎ᠠ ᠬᠡᠯᠡᠯᠴᠡᠭᠡᠨ ᠤ ᠰᠢᠨ᠎ᠡ ᠪᠠᠶᠢᠳᠠᠯ ᠢ ᠪᠣᠢ ᠪᠤᠯᠭᠠᠪᠠ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠩ ᠵᠠᠨ | ᠴᠢᠩ ᠬᠤᠷᠠᠯ ᠡᠷᠬᠢᠯᠡᠪᠡ᠃ | ᠶᠠᠩ ᠵᠠᠨ ᠴᠢᠩ ᠴᠢᠬᠤᠯᠠᠴᠢᠯᠠᠭᠰᠠᠨ ᠨᠢ᠂ ᠬᠠᠮ ᠵᠠᠭᠤᠴᠢᠯᠠᠭᠤᠷ ᠤᠨ ᠴᠠᠭ ᠦᠶ᠎ᠡ ᠳᠤ᠂ ᠨᠠᠮ ᠵᠠᠰᠠᠭ ᠤᠨ | ᠪᠠᠶᠢᠭᠤᠯᠭ᠎ᠠ ᠵᠢᠴᠢ ᠲᠡᠭᠦᠨ ᠤ ᠠᠵᠢᠯᠲᠠᠳ ᠦᠢᠯᠡ ᠠᠵᠢᠯᠯᠠᠭ᠎ᠠ ᠪᠠᠨ ᠰᠡᠷᠭᠡᠭ ᠪᠠᠶᠢᠯᠭᠠᠵᠦ᠂ | ᠰᠠᠨᠠᠭᠠᠴᠢᠯᠠᠭ᠎ᠠ ᠠᠴᠠ ᠪᠠᠨ ᠤᠯᠠᠮᠵᠢᠯᠠᠬᠤ᠂ ᠰᠠᠨᠠᠭᠠᠴᠢᠯᠠᠭ᠎ᠠ ᠠᠴᠠ ᠪᠠᠨ ᠤᠬᠠᠭᠤᠯᠤᠨ ᠲᠠᠶᠢᠯᠪᠤᠷᠢᠯᠠᠬᠤ ᠤᠬᠠᠮᠰᠠᠷ | ᠪᠣᠯᠤᠨ ᠴᠢᠳᠠᠪᠤᠷᠢ ᠪᠠᠨ ᠴᠢᠩᠭᠠᠳᠬᠠᠵᠦ᠂ ︽ᠤᠯᠤᠰ ᠲᠥᠷᠥ ᠶᠢᠨ ᠤᠬᠠᠮᠰᠠᠷ︾ ᠢ ᠴᠢᠩᠭ᠎ᠠ ᠪᠠᠷᠢᠮᠳᠠᠯᠠᠨ᠂ ᠲᠤᠭ | ᠲᠡᠮᠳᠡᠭ ᠲᠣᠳᠣᠷᠬᠠᠢ ᠪᠠᠷ ᠶᠠᠷᠢᠶ᠎ᠠ ᠬᠡᠯᠡᠯᠴᠡᠭᠡ ᠶᠢ ᠴᠢᠩᠭ᠎ᠠ ᠡᠵᠡᠮᠳᠡᠵᠦ᠂ ᠨᠠᠮ ᠠᠴᠠ ᠦᠵᠡᠯ ᠤᠬᠠᠮᠰᠠᠷ ᠤᠨ | ᠬᠡᠯᠪᠡᠷᠢ ᠶᠢ ᠬᠠᠮᠢᠶᠠᠷᠬᠤ ᠶᠢ ᠪᠠᠷᠢᠮᠲᠠᠯᠠᠬᠤ ᠬᠡᠷᠡᠭᠲᠡᠢ᠃ ︽ᠬᠠᠷᠢᠭᠤᠴᠠᠯᠭ᠎ᠠ ᠶᠢᠨ ᠤᠬᠠᠮᠰᠠᠷ︾ ᠢ ᠪᠠᠷᠢᠮᠲᠠᠯᠠᠵᠤ᠂ ᠵᠥᠪ | ᠴᠢᠭᠯᠡᠯ ᠢᠶᠠᠷ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠬᠤ ᠶᠢ ᠡᠳᠦᠷ ᠲᠤᠲᠤᠮ ᠤᠨ ᠡᠭᠦᠷᠭᠡ | ᠬᠠᠷᠢᠭᠤᠴᠠᠯᠭ᠎ᠠ ᠪᠠᠨ ᠪᠣᠯᠭᠠᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠪᠠ ᠰᠣᠨᠢᠨ ᠮᠡᠳᠡᠭᠡ ᠨᠡᠶᠢᠲᠡᠯᠡᠬᠦ | ᠠᠵᠢᠯ ᠢ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠢ ᠥᠷᠨᠢᠭᠦᠯᠬᠦ ᠬᠡᠷᠡᠭᠲᠡᠢ᠃ ︽ᠰᠠᠭᠤᠷᠢᠨ ᠭᠠᠵᠠᠷ ᠤᠨ | ᠤᠬᠠᠮᠰᠠᠷ︾ ᠢ ᠪᠠᠷᠢᠮᠲᠠᠯᠠᠵᠤ᠂ ᠣᠶᠢᠯᠠᠭᠠᠭᠳᠠᠬᠤᠨ᠂ ᠠᠭᠤᠯᠭ᠎ᠠ᠂ ᠬᠡᠯᠪᠡᠷᠢ᠂ ᠠᠷᠭ᠎ᠠ ᠪᠠᠷᠢᠯ ᠤᠨ ᠲᠠᠯ᠎ᠠ ᠪᠠᠷ | ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠠᠵᠢᠯ ᠤᠨ ᠥᠷᠭᠡᠨ | ᠳᠡᠯᠭᠡᠷ ᠴᠢᠨᠠᠷ ᠪᠠ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠯᠠᠩᠭᠤᠶ᠎ᠠ ᠰᠦᠯᠵᠢᠶᠡᠨ ᠤ | ᠤᠬᠠᠭᠤᠯᠭ᠎ᠠ ᠶᠢᠨ ᠲᠠᠪᠴᠠᠩ ᠢ ᠰᠠᠶᠢᠲᠤᠷ ᠪᠠᠶᠢᠭᠤᠯᠵᠤ᠂ ᠲᠡᠭᠦᠨ ᠢ ᠠᠵᠢᠯ ᠤᠨ ᠲᠤᠷᠰᠢᠯᠭ᠎ᠠ ᠠᠷᠭ᠎ᠠ ᠬᠢᠳᠡᠯ ᠢ | ᠤᠬᠠᠭᠤᠯᠬᠤ ᠴᠢᠬᠤᠯᠠ ᠠᠴᠢᠶᠠᠯᠠᠪᠤᠷᠢ ᠪᠠ ᠴᠣᠩᠬᠤᠪᠴᠢ ᠪᠣᠯᠭᠠᠬᠤ ᠬᠡᠷᠡᠭᠲᠡᠢ᠃ ︽ᠬᠥᠲᠥᠯᠥᠨ ᠳᠠᠭᠠᠭᠤᠯᠬᠤ | ᠤᠬᠠᠮᠰᠠᠷ︾ ᠢ ᠪᠠᠷᠢᠮᠲᠠᠯᠠᠵᠤ᠂ ᠡᠷᠬᠡ ᠰᠦᠷᠲᠦ ᠮᠡᠳᠡᠭᠡ ᠵᠠᠩᠭᠢ ᠨᠡᠶᠢᠲᠡᠯᠡᠬᠦ᠂ ᠭᠤᠣᠯ ᠤᠷᠤᠰᠬᠠᠯ ᠤᠨ ᠶᠠᠷᠢᠶ᠎ᠠ | ᠬᠡᠯᠡᠯᠴᠡᠭᠡ ᠶᠢ ᠬᠥᠲᠥᠯᠥᠨ ᠳᠠᠭᠠᠭᠤᠯᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠨᠡᠶᠢᠭᠡᠮ ᠵᠢᠷᠤᠮ ᠤᠨ | ᠭᠤᠣᠯᠯᠠᠬᠤ ᠥᠷᠲᠡᠭ ᠤᠨ ᠦᠵᠡᠯᠲᠡ ᠪᠠᠷ ᠣᠯᠠᠨ ᠲᠦᠮᠡᠨ ᠢ ᠬᠥᠲᠥᠯᠥᠨ ᠵᠢᠯᠣᠭᠤᠳᠬᠤ ᠬᠡᠷᠡᠭᠲᠡᠢ᠃ ︽ᠰᠢᠨ᠎ᠡ ᠶᠢ | ᠡᠭᠦᠳᠬᠦ ᠤᠬᠠᠮᠰᠠᠷ︾ ᠢ ᠪᠠᠷᠢᠮᠲᠠᠯᠠᠵᠤ᠂ ᠰᠦᠯᠵᠢᠶᠡᠨ ᠤ ᠮᠡᠳᠡᠯᠭᠡ᠂ ᠰᠦᠯᠵᠢᠶᠡᠨ ᠤ ᠮᠡᠷᠭᠡᠵᠢᠯ ᠢ | ᠰᠠᠨᠠᠭᠠᠴᠢᠯᠠᠭ᠎ᠠ ᠠᠴᠠ ᠪᠠᠨ ᠰᠠᠶᠢᠲᠤᠷ ᠰᠤᠷᠤᠯᠴᠠᠨ ᠡᠵᠡᠮᠰᠢᠵᠦ᠂ ᠰᠢᠨ᠎ᠡ ᠤᠬᠠᠭᠤᠯᠭ᠎ᠠ ᠶᠢᠨ ᠬᠡᠯᠪᠡᠷᠢ ᠪᠠᠷ | ᠵᠠᠭᠤᠴᠢᠯᠠᠭᠤᠷ ᠤᠨ ᠰᠤᠯᠢᠯᠴᠠᠭ᠎ᠠ ᠪᠣᠯᠤᠨ ᠶᠠᠷᠢᠶ᠎ᠠ ᠬᠡᠯᠡᠯᠴᠡᠭᠡᠨ ᠤ ᠵᠢᠯᠣᠭᠤᠳᠣᠯᠭ᠎ᠠ ᠶᠢᠨ ᠢᠲᠡᠭᠡᠭᠦᠯᠬᠦ ᠬᠦᠴᠦᠨ᠂ | ᠳᠣᠲᠣᠨᠣᠰᠤᠭ ᠬᠦᠴᠦᠨ᠂ ᠨᠥᠯᠥᠭᠡᠯᠡᠬᠦ ᠬᠦᠴᠦᠨ ᠪᠣᠯᠤᠨ ᠣᠯᠠᠨ ᠢ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ ᠭᠡᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ | ᠬᠤᠯᠪᠣᠭᠠᠲᠤ ᠬᠤᠷᠠᠯ ᠤᠨ ᠤᠤᠯ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ ᠤᠯᠤᠰ ᠲᠥᠷᠥ ᠶᠢᠨ | ᠤᠬᠠᠭᠠᠨ ᠤ ᠫᠷᠤᠹᠧᠰᠰᠤᠷ᠂ ᠣᠳᠣ ᠶᠢᠨ ᠥᠪᠥᠷ ᠮᠣᠩᠭᠤᠯ ᠤᠨ ᠰᠤᠳᠤᠯᠤᠯ ᠤᠨ ᠨᠡᠶᠢᠭᠡᠮᠯᠢᠭ ᠤᠨ ᠳᠠᠷᠤᠭ᠎ᠠ᠂ | ᠥᠪᠥᠷ ᠮᠣᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ | ᠰᠣᠨᠢᠨ ᠮᠡᠳᠡᠭᠡ ᠨᠡᠶᠢᠲᠡᠯᠡᠬᠦ ᠪᠠ ᠰᠢᠨ᠎ᠡ ᠵᠠᠭᠤᠴᠢᠯᠠᠭᠤᠷ ᠤᠨ ᠰᠤᠳᠤᠯᠭᠠᠨ ᠤ ᠲᠥᠪ ᠤᠨ ᠡᠷᠬᠢᠯᠡᠭᠴᠢ᠂ ᠣᠨᠴᠠ | ᠤᠷᠢᠭᠰᠠᠨ ᠫᠷᠤᠹᠧᠰᠰᠤᠷ ᠬᠣ᠋ ᠢ ᠬᠤᠸᠠ ᠫᠷᠤᠹᠧᠰᠰᠤᠷ ᠢ ᠤᠷᠢᠵᠤ ᠬᠢᠴᠢᠶᠡᠯ ᠣᠷᠣᠭᠤᠯᠪᠠ᠃ ᠬᠢᠴᠢᠶᠡᠯ ᠨᠢ ᠶᠠᠷᠢᠶ᠎ᠠ | ᠬᠡᠯᠡᠯᠴᠡᠭᠡᠨ ᠤ ᠪᠠᠶᠢᠳᠠᠯ ᠢ ᠠᠷᠭᠠᠴᠠᠬᠤ ᠪᠠ ᠰᠣᠨᠢᠨ ᠮᠡᠳᠡᠭᠡ ᠨᠡᠶᠢᠲᠡᠯᠡᠬᠦ ᠬᠠᠮᠢᠶ᠎ᠠ ᠪᠦᠬᠦᠢ ᠶᠠᠷᠢᠶᠠᠨ ᠤ ᠰᠡᠳᠦᠪ ᠤᠨ | ᠲᠣᠭᠤᠷᠢᠨ ᠳᠤ ᠶᠠᠷᠢᠶ᠎ᠠ ᠬᠡᠯᠡᠯᠴᠡᠭᠡ ᠨᠢ ᠭᠡᠷᠬᠢᠨ ᠪᠤᠢ ᠪᠤᠯᠤᠭᠰᠠᠨ︖ ᠶᠠᠮᠠᠷ ᠬᠡᠳᠦᠨ ᠶᠠᠷᠢᠶ᠎ᠠ ᠬᠡᠯᠡᠯᠴᠡᠭᠡ ᠪᠠᠶᠢᠬᠤ︖ | ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠡᠷᠬᠢᠨ ᠠᠷᠭᠠᠴᠠᠬᠤ ᠵᠡᠷᠭᠡ ᠲᠠᠯ᠎ᠠ ᠪᠠᠷ ᠶᠠᠷᠢᠶ᠎ᠠ ᠬᠡᠯᠡᠯᠴᠡᠭᠡᠨ ᠤ ᠪᠠᠶᠢᠳᠠᠯ ᠢ | ᠬᠡᠷᠬᠢᠨ ᠲᠠᠨᠢᠬᠤ᠂ ᠬᠡᠨ ᠠᠴᠠ ᠨᠡᠶᠢᠲᠡᠯᠡᠬᠦ︖ ᠶᠠᠭᠤ ᠨᠡᠶᠢᠲᠡᠯᠡᠭᠰᠡᠨ︖ ᠬᠡᠷᠬᠢᠨ ᠨᠡᠶᠢᠲᠡᠯᠡᠬᠦ ᠵᠡᠷᠭᠡ ᠲᠠᠯ᠎ᠠ ᠪᠠᠷ | ᠰᠣᠨᠢᠨ ᠮᠡᠳᠡᠭᠡ ᠨᠡᠶᠢᠲᠡᠯᠡᠬᠦ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠲᠠᠨᠢᠯᠴᠠᠭᠤᠯᠪᠠ᠃ | ᠪᠣᠯᠪᠠᠰᠤᠷᠠᠯ ᠳᠤ ᠣᠷᠣᠯᠴᠠᠭᠰᠠᠳ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠴᠤ | ᠰᠢᠢᠳᠪᠦᠷᠢᠯᠡᠬᠦ ᠪᠠ ᠰᠣᠨᠢᠨ ᠮᠡᠳᠡᠭᠡ ᠨᠡᠶᠢᠲᠡᠯᠡᠬᠦ ᠲᠠᠯ᠎ᠠ ᠪᠠᠷ ᠬᠢ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ | ᠦᠢᠯᠡᠳᠦᠯᠭᠡ ᠶᠢᠨ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠢᠶᠠᠨ ᠨᠡᠩ ᠰᠠᠶᠢᠲᠤᠷ | ᠥᠷᠨᠢᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠨ᠎ᠠ ᠭᠡᠵᠦ ᠢᠯᠡᠳᠬᠡᠵᠡᠭᠡᠪᠡ᠃ | ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ᠂ ᠡᠯ᠎ᠡ ᠰᠢᠭᠤᠳ ᠬᠠᠮᠢᠶᠠᠷᠤᠯᠲᠠ ᠶᠢᠨ ᠨᠢᠭᠡᠴᠡ᠂ ᠡᠯ᠎ᠡ ᠠᠷᠠᠳ ᠤᠨ ᠪᠦᠯᠬᠦᠮ ᠤᠨ ᠭᠤᠣᠯ ᠤᠳᠤᠷᠢᠳᠤᠯᠭ᠎ᠠ | ᠵᠢᠴᠢ ᠪᠦᠬᠦ ᠬᠤᠰᠢᠭᠤᠨ ᠤ ᠰᠣᠨᠢᠨ ᠮᠡᠳᠡᠭᠡᠨ ᠤ ᠨᠡᠶᠢᠳᠡᠯᠡᠭᠴᠢ ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃ | |