2024 ᠤᠨ ᠤ ᠰᠢᠯᠢ ᠶᠢᠨ ᠭᠤᠤᠯ ᠠᠶᠢᠮᠠᠭ ᠤᠨ ᠡᠪᠦᠯ ᠤᠨ ᠤᠯᠠᠷᠢᠯ ᠤᠨ ᠮᠤᠩᠭᠤᠯ ᠮᠤᠷᠢᠨ ᠤ | ᠬᠤᠯᠪᠤᠭᠠᠳᠤ ᠤᠷᠤᠯᠳᠤᠭᠠᠨ ᠤ ᠰᠦᠨᠢᠳ ᠪᠠᠷᠠᠭᠤᠨ ᠬᠤᠰᠢᠭᠤᠨ ᠤ ᠰᠢᠢᠳᠪᠦᠷᠢᠳᠦ ᠤᠷᠤᠯᠳᠤᠭᠠᠨ 12 ᠳ᠋ᠤᠭᠠᠷ | ᠰᠠᠷ᠎ᠠ ᠶᠢᠨ 15 ᠤ ᠡᠳᠦᠷ ᠰᠠᠶᠢᠬᠠᠨᠲᠠᠯ᠎ᠠ ᠪᠠᠯᠭᠠᠰᠤᠨ ᠤ ᠲᠥᠬᠦᠮ ᠭᠠᠴᠠᠭᠠᠨ ᠳᠤ ᠶᠠᠪᠤᠭᠳᠠᠵᠠᠢ᠃ | ᠤᠯᠠᠭᠠᠨᠮᠥ᠋ᠴᠢᠷ ᠤᠨ ᠳᠤᠭᠯᠠᠭᠴᠢᠳ ᠤᠨ ︽ᠬᠦᠷᠡᠩ ᠤᠨ ᠤᠨᠠᠭ᠎ᠠ︾ ᠳᠠᠭᠤᠤ ᠪᠠᠷ ᠰᠦᠨᠢᠳ ᠤᠨ ᠬᠤᠷᠳᠤᠨ | ᠬᠦᠯᠦᠭ ᠤᠨ ᠠᠯᠳᠠᠷ ᠢ ᠳᠠᠭᠤᠷᠢᠰᠤᠭᠤᠯᠤᠨ ᠳᠡᠯᠭᠡᠷ ᠨᠠᠭᠠᠳᠤᠮ ᠢᠶᠠᠨ ᠡᠬᠢᠯᠡᠬᠦᠯᠦᠯ᠎ᠡ᠃ | ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠠᠵᠢᠯᠯᠠᠭ᠎ᠠ ᠳᠤ ᠤᠷᠤᠯᠴᠠᠵᠤ᠂ ᠬᠤᠰᠢᠭᠤ | ᠨᠠᠮ ᠤᠨ ᠬᠤᠷᠢᠶᠠᠨ ᠤ ᠱᠦᠵᠢ ᠴᠧᠨ ᠢᠦᠶ ᠴᠧᠩ ᠠᠵᠢᠯᠯᠠᠭ᠎ᠠ ᠡᠬᠢᠯᠡᠭᠰᠡᠨ ᠢ ᠵᠠᠷᠯᠠᠨ᠂ ᠨᠠᠮ ᠤᠨ ᠬᠤᠷᠢᠶᠠᠨ ᠤ | ᠳᠡᠳ᠋ ᠱᠦᠵᠢ᠂ ᠬᠤᠰᠢᠭᠤ ᠳᠠᠷᠤᠭ᠎ᠠ ᠸᠠᠩ ᠵᠠᠨ ᠴᠢ ᠠᠵᠢᠯᠯᠠᠭ᠎ᠠ ᠳᠤ ᠪᠠᠶᠠᠷ ᠤᠨ ᠶᠠᠷᠢᠶ᠎ᠠ ᠬᠢᠵᠡᠢ᠃ | ᠤᠢᠢᠷ᠎ᠠ ᠶᠢᠨ ᠵᠢᠯ ᠠᠴᠠ ᠨᠠᠰᠢ᠂ ᠰᠦᠨᠢᠳ ᠪᠠᠷᠠᠭᠤᠨ ᠬᠤᠰᠢᠭᠤ ᠮᠣᠩᠭᠤᠯ ᠮᠤᠷᠢᠨ ᠤ ᠵᠣᠷᠢᠭ ᠰᠠᠨᠠᠭ᠎ᠠ ᠶᠢ | ᠶᠡᠬᠡᠪᠡᠷ ᠪᠠᠳᠠᠷᠠᠭᠤᠯᠵᠤ᠂ ᠦᠨᠳᠦᠰᠦᠲᠡᠨ ᠤ ᠰᠣᠶᠣᠯ ᠤᠨ ᠡᠬᠢ ᠪᠠᠶᠠᠯᠢᠭ ᠢ ᠬᠦᠴᠦᠯᠡᠨ ᠪᠠᠳᠠᠷᠠᠭᠤᠯᠵᠤ᠂ ᠠᠳᠤᠭᠤᠨ | ᠰᠣᠶᠣᠯ ᠢ ᠬᠦᠭᠵᠢᠬᠦᠯᠦᠨ᠂ ᠠᠳᠤᠭᠤᠨ ᠤ ᠠᠵᠤ ᠦᠢᠯᠡᠰ ᠢ ᠤᠨᠴᠠᠯᠢᠭᠳᠤ ᠵᠤᠭᠠᠴᠠᠯ ᠤᠨ ᠦᠢᠯᠡᠰ᠂ ᠰᠣᠶᠣᠯ ᠤᠨ | ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠬᠦ ᠴᠢᠬᠤᠯᠠ ᠠᠷᠭ᠎ᠠ ᠵᠠᠮ ᠪᠤᠯᠭᠠᠨ ᠬᠦᠭᠵᠢᠬᠦᠯᠵᠦ᠂ ᠮᠤᠷᠢᠨ | ᠮᠡᠷᠭᠡᠵᠢᠯ ᠤᠨ ᠵᠤᠭᠠᠴᠠᠯ ᠤᠨ ᠵᠠᠬ᠎ᠠ ᠳᠡᠯᠭᠡᠭᠦᠷ ᠢ ᠲᠠᠰᠤᠷᠠᠯᠳᠠ ᠦᠭᠡᠢ ᠥᠷᠭᠡᠳᠬᠡᠵᠦ᠂ ᠪᠦᠬᠦ ᠬᠤᠰᠢᠭᠤᠨ ᠤ ᠰᠣᠶᠣᠯ | ᠲᠠᠮᠢᠷ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ | ᠳᠤᠰ ᠤᠳᠠᠭᠠᠨ ᠤ ᠤᠷᠤᠯᠳᠤᠭᠠᠨ ᠳᠤ᠂ 60 ᠭᠠᠵᠠᠷ ᠤᠨ ᠠᠯᠤᠰ ᠤᠨ ᠮᠤᠷᠢᠨ ᠤ ᠤᠷᠤᠯᠳᠤᠭᠠᠨ᠂ 30 | ᠭᠠᠵᠠᠷ ᠤᠨ ᠬᠦᠴᠦᠨ ᠵᠠᠯᠭᠠᠬᠤ ᠤᠷᠤᠯᠳᠤᠭᠠᠨ᠂ ᠨᠠᠮᠨᠠᠬᠤ ᠤᠷᠤᠯᠳᠤᠭᠠᠨ᠂ ᠬᠠᠳᠠᠭ ᠰᠢᠬᠦᠷᠬᠦ ᠤᠷᠤᠯᠳᠤᠭᠠᠨ ᠵᠡᠷᠭᠡ | ᠲᠦᠷᠪᠡᠨ ᠲᠦᠷᠦᠯ ᠤᠨ ᠤᠷᠤᠯᠳᠤᠭᠠᠨ ᠬᠤᠪᠢᠶᠠᠨ ᠶᠠᠪᠤᠭᠳᠠᠭᠤᠯᠵᠠᠢ᠃ | ᠨᠠᠭᠠᠳᠤᠮ ᠳᠤ᠂ ᠰᠦᠨᠢᠳ ᠬᠤᠨᠢᠨ ᠮᠢᠬ᠎ᠠ᠂ ᠰᠦᠨᠢᠳ ᠴᠠᠭᠠᠨ ᠢᠳᠡᠭᠡ ᠪᠠᠨ ᠨᠠᠭᠠᠳᠤᠮᠴᠢᠨ ᠲᠦᠮᠡᠨ ᠳᠤ | ᠪᠠᠨ ᠠᠮᠳᠠᠯᠠᠭᠤᠯᠬᠤ ᠱᠤᠷᠤᠯᠠᠭ ᠰᠢᠷᠠᠬᠤ ᠠᠵᠢᠯᠯᠠᠭ᠎ᠠ ᠵᠢᠴᠢ ᠪᠤᠳᠠᠰ ᠤᠨ ᠪᠤᠰᠤ ᠰᠤᠶᠤᠯ ᠤᠨ ᠦᠪ ᠤᠨ | ᠦᠵᠡᠬᠦᠯᠦᠯᠬᠡ ᠶᠠᠪᠤᠭᠳᠠᠨ᠂ ᠰᠦᠨᠢᠳ ᠨᠤᠳᠤᠭ ᠤᠨ ᠤᠨᠴᠠ ᠭᠠᠷᠤᠯᠳᠠ᠂ ᠰᠤᠶᠤᠯ ᠵᠠᠩ ᠦᠢᠯᠡ ᠶᠢ ᠪᠦᠬᠦ ᠳᠠᠯ᠎ᠠ | ᠪᠠᠷ ᠳᠡᠯᠭᠡᠨ ᠦᠵᠡᠬᠦᠯᠵᠡᠢ᠃ |