ᠠᠴᠠᠳᠤᠠᠠᠭᠤᠯᠠ ᠰᠤᠮᠤᠨ ᠤ ᠪᠦᠷᠢᠳᠦ ᠭᠠᠴᠠᠭ᠎ᠠ ᠮᠠᠯᠴᠢᠳ ᠲᠤ ᠪᠠᠨ 73 ᠲᠣᠨ ᠳᠡᠵᠢᠭᠡᠯ ᠪᠣᠷᠳᠤᠭ᠎ᠠ ᠬᠤᠪᠢᠶᠠᠯ᠎ᠠ
ᠨᠡᠶᠢᠲᠡᠯᠡᠭᠰᠡᠨ ᠴᠠᠭ᠄
2024/12/18
     ᠠᠴᠠᠳᠤᠠᠠᠭᠤᠯᠠ ᠰᠤᠮᠤᠨ ᠤ ᠪᠦᠷᠢᠳᠦ ᠭᠠᠴᠠᠭᠠᠨ ᠤ ︽ᠬᠤᠶᠠᠷ ᠵᠦᠪᠯᠡᠯ︾ ᠤᠶᠢᠷ᠎ᠠ ᠳᠤ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠤᠷᠤᠯᠭ᠎ᠠ ᠪᠠᠷ ᠬᠤᠳᠠᠯᠳᠤᠨ ᠠᠪᠤᠭᠰᠠᠨ 73 ᠲᠤᠨ ᠳᠡᠵᠢᠬᠡᠯ ᠪᠤᠷᠳᠤᠭ᠎ᠠ ᠶᠢ ᠮᠠᠯᠴᠢᠳ ᠲᠤ ᠪᠠᠨ ᠬᠤᠪᠢᠶᠠᠵᠤ᠂ ᠡᠪᠦᠯᠵᠢᠬᠦ ᠮᠠᠯ ᠤᠨ ᠮᠡᠨᠳᠦ ᠤᠨᠳᠤᠷᠤᠯᠳᠠ ᠶᠢ ᠪᠠᠳᠤᠯᠠᠯ᠎ᠠ᠃      ᠪᠦᠷᠢᠳᠦ ᠭᠠᠴᠠᠭᠠᠨ ᠤ ᠲᠦᠪ ᠲᠤ᠂ ᠬᠤᠪᠢᠳᠠᠭᠰᠠᠨ ᠲᠡᠵᠢᠬᠡᠯ ᠪᠤᠷᠳᠤᠭ᠎ᠠ ᠪᠠᠨ ᠳᠡᠭᠡᠭᠡᠬᠦ ᠪᠠᠷ ᠢᠷᠡᠭᠰᠡᠨ ᠮᠠᠯᠴᠢᠳ ᠤᠨ ᠴᠢᠷᠠᠢ ᠳᠤ ᠪᠠᠶᠠᠷ ᠤᠨ ᠮᠦᠰᠢᠶᠡᠳᠦ ᠳᠤᠳᠤᠷᠠᠨ᠂ ᠳᠡᠵᠢᠭᠡᠯ ᠪᠠᠭᠤᠯᠭᠠᠵᠤ ᠠᠴᠢᠬᠤ ᠠᠵᠢᠯ ᠳᠤ ᠬᠠᠮᠳᠤ ᠎ ᠪᠠᠷ ᠢᠶᠠᠨ ᠬᠠᠮᠵᠢᠯᠴᠠᠨ᠂ ᠬᠠᠬᠢᠷ ᠡᠪᠦᠯ ᠤᠨ ᠬᠦᠢᠳᠡᠨ ᠳᠤ ᠬᠠᠯᠠᠭᠤᠨ ᠳᠤᠯᠠᠭᠠᠨ ᠠᠭᠤᠷ ᠠᠮᠢᠰᠬᠤᠯ ᠪᠢᠯᠬᠠᠮ᠎ᠠ ᠪᠠᠶᠢᠯ᠎ᠠ᠃      ᠭᠠᠴᠠᠭᠠᠨ ᠤ ᠬᠠᠷᠢᠭᠤᠴᠠᠯᠭᠠᠲᠠᠨ ᠠᠴᠠ ᠤᠶᠢᠯᠠᠭᠠᠭᠰᠠᠨ ᠢᠶᠠᠷ᠂ ᠡᠨᠡ ᠤᠳᠠᠭ᠎ᠠ 16 ᠲᠦᠮᠡᠨ ᠲᠥᠭᠦᠷᠢᠭ ᠤᠨ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠠᠰᠢᠭ ᠣᠷᠣᠯᠭ᠎ᠠ ᠶᠢᠨ ᠪᠠᠯᠠ ᠮᠥᠩᠭᠦ ᠪᠠᠷ ᠬᠤᠳᠠᠯᠳᠤᠨ ᠠᠪᠤᠭᠰᠠᠨ 73 ᠲᠣᠨ ᠪᠣᠷᠳᠤᠭ᠎ᠠ ᠶᠢ 146 ᠮᠠᠯᠴᠢᠨ ᠡᠷᠦᠬᠡ ᠳᠤ ᠬᠤᠪᠢᠶᠠᠨ᠂ ᠡᠷᠦᠬᠡ ᠪᠦᠷᠢ ᠳᠤ 1000 ᠵᠢᠩ ᠲᠡᠵᠢᠬᠡᠯ ᠪᠣᠷᠳᠤᠭ᠎ᠠ ᠬᠤᠪᠢᠶᠠᠵᠤ᠂ ᠲᠡᠳᠡᠨ ᠤ ᠨᠢᠳᠦᠨ ᠡᠮᠦᠨᠡᠬᠢ ᠬᠦᠴᠢᠷᠳᠡᠯ ᠢ ᠰᠢᠢᠳᠪᠦᠷᠢᠯᠡᠵᠦ᠂ ᠮᠠᠯᠵᠢᠬᠤ ᠦᠢᠯᠡᠳᠪᠦᠷᠢᠯᠡᠯ ᠎ ᠤᠨ ᠬᠢᠨᠢ ᠳᠠᠷᠤᠭᠠᠰᠦ ᠶᠢ ᠬᠦᠩᠭᠡᠷᠡᠬᠦᠯᠦᠭᠰᠡᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号