ᠠᠴᠠᠳᠤᠠᠠᠭᠤᠯᠠ ᠰᠤᠮᠤᠨ ᠤ ᠪᠦᠷᠢᠳᠦ ᠭᠠᠴᠠᠭ᠎ᠠ ᠮᠠᠯᠴᠢᠳ ᠲᠤ ᠪᠠᠨ 73 ᠲᠣᠨ ᠳᠡᠵᠢᠭᠡᠯ ᠪᠣᠷᠳᠤᠭ᠎ᠠ ᠬᠤᠪᠢᠶᠠᠯ᠎ᠠ
ᠨᠡᠶᠢᠲᠡᠯᠡᠭᠰᠡᠨ ᠴᠠᠭ᠄
2024/12/18
     ᠠᠴᠠᠳᠤᠠᠠᠭᠤᠯᠠ ᠰᠤᠮᠤᠨ ᠤ ᠪᠦᠷᠢᠳᠦ ᠭᠠᠴᠠᠭᠠᠨ ᠤ ︽ᠬᠤᠶᠠᠷ ᠵᠦᠪᠯᠡᠯ︾ ᠤᠶᠢᠷ᠎ᠠ ᠳᠤ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠤᠷᠤᠯᠭ᠎ᠠ ᠪᠠᠷ ᠬᠤᠳᠠᠯᠳᠤᠨ ᠠᠪᠤᠭᠰᠠᠨ 73 ᠲᠤᠨ ᠳᠡᠵᠢᠬᠡᠯ ᠪᠤᠷᠳᠤᠭ᠎ᠠ ᠶᠢ ᠮᠠᠯᠴᠢᠳ ᠲᠤ ᠪᠠᠨ ᠬᠤᠪᠢᠶᠠᠵᠤ᠂ ᠡᠪᠦᠯᠵᠢᠬᠦ ᠮᠠᠯ ᠤᠨ ᠮᠡᠨᠳᠦ ᠤᠨᠳᠤᠷᠤᠯᠳᠠ ᠶᠢ ᠪᠠᠳᠤᠯᠠᠯ᠎ᠠ᠃      ᠪᠦᠷᠢᠳᠦ ᠭᠠᠴᠠᠭᠠᠨ ᠤ ᠲᠦᠪ ᠲᠤ᠂ ᠬᠤᠪᠢᠳᠠᠭᠰᠠᠨ ᠲᠡᠵᠢᠬᠡᠯ ᠪᠤᠷᠳᠤᠭ᠎ᠠ ᠪᠠᠨ ᠳᠡᠭᠡᠭᠡᠬᠦ ᠪᠠᠷ ᠢᠷᠡᠭᠰᠡᠨ ᠮᠠᠯᠴᠢᠳ ᠤᠨ ᠴᠢᠷᠠᠢ ᠳᠤ ᠪᠠᠶᠠᠷ ᠤᠨ ᠮᠦᠰᠢᠶᠡᠳᠦ ᠳᠤᠳᠤᠷᠠᠨ᠂ ᠳᠡᠵᠢᠭᠡᠯ ᠪᠠᠭᠤᠯᠭᠠᠵᠤ ᠠᠴᠢᠬᠤ ᠠᠵᠢᠯ ᠳᠤ ᠬᠠᠮᠳᠤ  ᠪᠠᠷ ᠢᠶᠠᠨ ᠬᠠᠮᠵᠢᠯᠴᠠᠨ᠂ ᠬᠠᠬᠢᠷ ᠡᠪᠦᠯ ᠤᠨ ᠬᠦᠢᠳᠡᠨ ᠳᠤ ᠬᠠᠯᠠᠭᠤᠨ ᠳᠤᠯᠠᠭᠠᠨ ᠠᠭᠤᠷ ᠠᠮᠢᠰᠬᠤᠯ ᠪᠢᠯᠬᠠᠮ᠎ᠠ ᠪᠠᠶᠢᠯ᠎ᠠ᠃      ᠭᠠᠴᠠᠭᠠᠨ ᠤ ᠬᠠᠷᠢᠭᠤᠴᠠᠯᠭᠠᠲᠠᠨ ᠠᠴᠠ ᠤᠶᠢᠯᠠᠭᠠᠭᠰᠠᠨ ᠢᠶᠠᠷ᠂ ᠡᠨᠡ ᠤᠳᠠᠭ᠎ᠠ 16 ᠲᠦᠮᠡᠨ ᠲᠥᠭᠦᠷᠢᠭ ᠤᠨ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠠᠰᠢᠭ ᠣᠷᠣᠯᠭ᠎ᠠ ᠶᠢᠨ ᠪᠠᠯᠠ ᠮᠥᠩᠭᠦ ᠪᠠᠷ ᠬᠤᠳᠠᠯᠳᠤᠨ ᠠᠪᠤᠭᠰᠠᠨ 73 ᠲᠣᠨ ᠪᠣᠷᠳᠤᠭ᠎ᠠ ᠶᠢ 146 ᠮᠠᠯᠴᠢᠨ ᠡᠷᠦᠬᠡ ᠳᠤ ᠬᠤᠪᠢᠶᠠᠨ᠂ ᠡᠷᠦᠬᠡ ᠪᠦᠷᠢ ᠳᠤ 1000 ᠵᠢᠩ ᠲᠡᠵᠢᠬᠡᠯ ᠪᠣᠷᠳᠤᠭ᠎ᠠ ᠬᠤᠪᠢᠶᠠᠵᠤ᠂ ᠲᠡᠳᠡᠨ ᠤ ᠨᠢᠳᠦᠨ ᠡᠮᠦᠨᠡᠬᠢ ᠬᠦᠴᠢᠷᠳᠡᠯ ᠢ ᠰᠢᠢᠳᠪᠦᠷᠢᠯᠡᠵᠦ᠂ ᠮᠠᠯᠵᠢᠬᠤ ᠦᠢᠯᠡᠳᠪᠦᠷᠢᠯᠡᠯ  ᠤᠨ ᠬᠢᠨᠢ ᠳᠠᠷᠤᠭᠠᠰᠦ ᠶᠢ ᠬᠦᠩᠭᠡᠷᠡᠬᠦᠯᠦᠭᠰᠡᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号