ᠣᠶᠢᠷ᠎ᠠ ᠳᠤ᠂ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ᠂ ᠵᠠᠯᠠᠭᠤ ᠰᠠᠶᠢᠨ ᠳᠤᠷᠠᠴᠤᠳ ᠤᠨ | ᠨᠡᠶᠢᠭᠡᠮᠯᠢᠭ᠂ ᠡᠮᠡᠭᠲᠡᠶᠢᠴᠦᠳ ᠤᠨ ᠬᠤᠯᠪᠤᠭᠠᠳᠤ ᠬᠤᠷᠠᠯ᠂ ᠡᠪᠯᠡᠯ ᠤᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ | ᠳᠤᠪᠴᠢᠶᠠᠨ ᠤ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯᠡᠰ ᠤᠨ ᠳᠤᠷᠰᠢᠨ ᠪᠠᠶᠢᠴᠠᠭᠠᠬᠤ ᠶᠡᠭᠡ ᠠᠩᠭᠢ᠂ | ᠢᠷᠡᠭᠡᠳᠦᠶ ᠶᠢᠨ ᠠᠶᠠᠯᠭᠤ ᠬᠡᠯᠡ ᠶᠠᠷᠢᠶᠠᠨ ᠤ ᠠᠩᠭᠢ ᠨᠢ ᠪᠠᠷᠠᠭᠤᠨ ᠦᠵᠦᠮᠦᠴᠢᠨ ᠬᠤᠰᠢᠭᠤᠨ ᠤ ᠰᠡᠳᠬᠢᠴᠡ ᠶᠢᠨ | ᠡᠷᠡᠭᠦᠯ ᠬᠠᠮᠠᠭᠠᠯᠠᠯ ᠤᠨ ᠨᠡᠶᠢᠭᠡᠮᠯᠢᠭ ᠲᠠᠢ ᠬᠠᠮᠲᠤᠷᠠᠨ ︽ᠵᠢᠬᠦᠷᠳᠡᠨ ᠰᠢᠪᠠᠭᠤ ᠶᠢ ᠬᠠᠮᠠᠭᠠᠯᠠᠬᠤ︾ ᠭᠡᠷ ᠪᠦᠯᠢ ᠶᠢᠨ | ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠳᠤ 12 ᠬᠦᠴᠢᠷᠳᠡᠯᠳᠡᠢ ᠭᠡᠦᠭᠡᠳ ᠪᠠᠭᠠᠴᠤᠳ ᠢ ᠪᠠᠭᠳᠠᠭᠠᠭᠰᠠᠨ ᠨᠡᠶᠢᠲᠡ ᠭᠤᠴᠢᠭᠠᠳ ᠬᠡᠦᠬᠡᠳ | ᠭᠡᠷ ᠤᠨ ᠠᠬᠠᠮᠠᠳ ᠢᠶᠠᠨ ᠳᠠᠭᠠᠭᠤᠯᠤᠨ ᠤᠷᠤᠯᠴᠠᠵᠤ᠂ ᠭᠡᠷ ᠪᠦᠯᠢ ᠪᠠᠷ ᠢᠶᠠᠨ ᠬᠠᠮᠵᠢᠯᠴᠠᠨ ᠰᠢᠪᠠᠭᠤᠨ ᠤ ᠡᠭᠦᠷ᠂ | ᠰᠢᠪᠠᠭᠤ ᠳᠡᠵᠢᠬᠡᠬᠦ ᠪᠠᠭᠠᠵᠢ ᠭᠡᠷᠡᠭᠰᠡᠯ ᠵᠡᠷᠭᠡ ᠶᠢ ᠵᠤᠬᠢᠶᠠᠨ ᠪᠦᠲᠦᠭᠡᠵᠦ᠂ ᠬᠡᠦᠭᠡᠳ ᠤᠨ ᠲᠦᠰᠦᠭᠡᠯᠡᠨ ᠪᠤᠳᠤᠬᠤ | ᠴᠢᠳᠠᠪᠤᠷᠢ᠂ ᠠᠵᠢᠭᠯᠠᠬᠤ ᠴᠢᠳᠠᠪᠤᠷᠢ᠂ ᠪᠦᠲᠦᠭᠡᠯᠴᠢ ᠰᠡᠳᠬᠢᠬᠦᠢ ᠪᠠ ᠭᠡᠷ ᠪᠦᠯᠢ ᠶᠢᠨ ᠤᠶᠢᠯᠠᠭᠠᠯᠴᠠᠭ᠎ᠠ | ᠬᠠᠮᠵᠢᠯᠴᠠᠭ᠎ᠠ᠂ ᠬᠠᠮᠳᠤ ᠨᠡᠶᠢᠳᠡᠴᠢ ᠦᠵᠡᠯ ᠤᠬᠠᠮᠰᠠᠷ ᠢ ᠬᠦᠭᠵᠢᠬᠡᠨ᠂ ᠤᠬᠠᠭᠤᠯᠭ᠎ᠠ ᠳᠠᠶᠢᠯᠤᠮᠵᠢ ᠪᠠᠷ | ᠳᠠᠮᠵᠢᠭᠤᠯᠤᠨ ᠬᠡᠦᠭᠡᠳ ᠤᠳ ᠲᠤ ᠡᠬᠡ ᠪᠠᠶᠢᠭᠠᠯᠢ ᠪᠠᠨ ᠬᠠᠶᠢᠷᠠᠯᠠᠨ᠂ ᠠᠮᠢᠳᠠᠨ ᠭᠤᠤᠯᠳᠠᠨ ᠢ ᠬᠠᠮᠠᠭᠠᠯᠠᠬᠤ ᠰᠠᠶᠢᠨ | ᠰᠠᠶᠢᠬᠠᠨ ᠦᠵᠡᠯ ᠤᠬᠠᠮᠠᠰᠠᠷ ᠢ ᠬᠠᠷᠠᠬᠠᠨ ᠪᠠᠭ᠎ᠠ ᠠᠴᠠ ᠨᠢ ᠪᠤᠢ ᠪᠤᠯᠭᠠᠯ᠎ᠠ᠃ |