ᠵᠢᠷᠦᠬᠡ ᠪᠠᠯᠭᠠᠰᠤᠨ ᠤ ᠬᠤᠩᠭᠤᠷ ᠭᠠᠴᠠᠭ᠎ᠠ ᠬᠠᠮᠳᠤ ᠶᠢᠨ ᠬᠠᠳᠤᠯᠠᠩ ᠢᠶᠠᠨ ᠬᠢᠮᠳᠠ ᠦᠨ᠎ᠡ ᠪᠠᠷ ᠮᠠᠯᠴᠢᠳ ᠲᠤ ᠪᠠᠨ ᠬᠤᠪᠢᠶᠠᠯ᠎ᠠ
ᠨᠡᠶᠢᠲᠡᠯᠡᠭᠰᠡᠨ ᠴᠠᠭ᠄
2024/12/20
     ᠵᠢᠷᠦᠬᠡ ᠪᠠᠯᠭᠠᠰᠤᠨ ᠤ ᠬᠤᠩᠭᠤᠷ ᠭᠠᠴᠠᠭ᠎ᠠ ᠡᠪᠡᠰᠦ ᠳᠠᠷᠢᠬᠤ ᠰᠠᠭᠤᠷᠢᠨ ᠭᠠᠵᠠᠷ ᠤᠨ ᠢᠶᠠᠨ 300 ᠭᠠᠷᠤᠶ ᠲᠣᠨ ᠪᠤᠭᠤᠵᠢ ᠲᠠᠢ ᠡᠪᠡᠰᠦ ᠶᠢ ᠵᠠᠬ᠎ᠠ ᠳᠡᠯᠭᠡᠭᠦᠷ ᠤᠨ ᠦᠨ᠎ᠡ ᠠᠴᠠ 500 ᠲᠦᠭᠦᠷᠢᠭ ᠬᠢᠮᠳᠠ ᠦᠨ᠎ᠡ ᠪᠠᠷ ᠭᠠᠴᠠᠭᠠᠨ ᠤ ᠪᠠᠨ ᠮᠠᠯᠴᠢᠳ ᠲᠤ ᠬᠤᠳᠠᠯᠳᠤᠵᠤ᠂ ᠮᠠᠯᠴᠢᠳ ᠲᠤ ᠠᠰᠢᠭ ᠬᠦᠷᠳᠡᠭᠡᠬᠦ ᠪᠠ ᠬᠠᠮᠳᠤ ᠶᠢᠨ ᠠᠵᠤ ᠠᠬᠤᠢ  ᠶᠢᠨ ᠤᠷᠤᠯᠭ᠎ᠠ ᠶᠢ ᠨᠡᠮᠡᠭᠳᠡᠬᠦᠯᠬᠦ ᠬᠤᠤᠰ ᠠᠮᠵᠢᠯᠳᠠ ᠶᠢ ᠤᠯᠵᠠᠢ᠃      ᠤᠶᠢᠷ᠎ᠠ ᠳᠤ ᠬᠤᠩᠭᠤᠷ ᠭᠠᠴᠠᠭ᠎ᠠ ᠡᠪᠡᠰᠦ ᠳᠠᠷᠢᠬᠤ ᠰᠠᠭᠤᠷᠢᠨ ᠭᠠᠵᠠᠷ ᠤᠨ ᠠᠰᠢᠭ ᠤᠷᠤᠯᠭ᠎ᠠ ᠶᠢ ᠬᠤᠪᠢᠶᠠᠬᠤ ᠶᠤᠰᠤᠯᠠᠯ ᠶᠠᠪᠤᠭᠳᠠᠭᠤᠯᠤᠨ᠂ ᠭᠠᠴᠠᠭᠠᠨ ᠤ ᠪᠠᠨ ᠮᠠᠯᠴᠢᠳ ᠲᠤ ᠲᠤᠨ ᠪᠦᠷᠢ ᠳᠤ 500 ᠲᠦᠬᠦᠷᠢᠭ  ᠤᠨ ᠬᠠᠷᠠᠭᠠᠯᠵᠠᠯ ᠲᠠᠢ ᠡᠪᠡᠰᠦ ᠬᠤᠪᠢᠶᠠᠨ ᠦᠭᠴᠦ᠂ ᠤᠯᠠᠨ ᠢᠶᠠᠷ ᠢᠶᠠᠨ ᠰᠠᠭᠤᠷᠢᠨ ᠭᠠᠵᠠᠷ ᠲᠤ ᠬᠦᠷᠴᠦ ᠬᠤᠪᠢᠳᠠᠭᠰᠠᠨ ᠡᠪᠡᠰᠦ ᠪᠠᠨ ᠳᠡᠭᠡᠭᠡᠪᠦᠷᠢᠯᠡᠨ᠂ ᠬᠦᠳᠡᠯᠮᠦᠷᠢ ᠬᠦᠴᠦ ᠳᠤᠳᠠᠮᠠᠭ ᠪᠤᠶᠤ ᠶᠠᠪᠤᠵᠤ ᠰᠠᠭᠤᠬᠤ ᠳᠤ ᠲᠦᠭᠦᠮ ᠦᠬᠡᠢ ᠠᠶᠢᠯ ᠤᠨ ᠡᠪᠡᠰᠦ ᠶᠢ ᠭᠠᠴᠠᠭᠠᠨ ᠠᠴᠠ ᠨᠢ ᠨᠢᠭᠡᠳᠦᠯᠳᠡᠢ ᠬᠦᠷᠭᠡᠵᠦ ᠦᠭᠴᠡᠢ᠃      ᠵᠢᠷᠦᠬᠡ ᠪᠠᠯᠭᠠᠰᠤ ᠡᠪᠡᠰᠦᠨ ᠤ ᠡᠬᠢ ᠪᠠᠶᠠᠯᠢᠭ ᠢ ᠢᠳᠡᠪᠬᠢᠲᠡᠶ ᠠᠭᠤᠳᠠᠯᠤᠨ᠂ ᠲᠣᠯᠣᠭᠠᠶᠢᠯᠠᠭᠴᠢ ᠠᠵᠤ ᠠᠬᠤᠶᠢᠯᠠᠯ ᠲᠠᠢ ᠬᠠᠮᠲᠤᠷᠠᠨ ᠡᠪᠡᠰᠦ ᠳᠠᠷᠢᠵᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠠᠮᠢ ᠠᠬᠤᠶ ᠶᠢᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠤᠨ ᠬᠤᠤᠰ ᠠᠮᠵᠢᠯᠲᠠ ᠶᠢ ᠪᠡᠶᠡᠯᠡᠬᠦᠯᠦᠨ᠂ ᠪᠣᠳᠠᠲᠤ ᠠᠵᠢᠯᠯᠠᠭ᠎ᠠ ᠪᠠᠷ ᠢᠶᠠᠨ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠦᠷᠭᠦᠯᠵᠢᠯᠡᠨ ᠡᠷᠡᠭᠦᠯ ᠲᠣᠭᠲᠠᠭᠤᠨ ᠬᠦᠭᠵᠢᠯᠳᠡ ᠶᠢ ᠪᠠᠳᠤᠯᠠᠨ᠂ ᠮᠠᠯᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠲᠥᠷᠥᠭᠳᠡᠯ ᠢ ᠦᠨᠡᠨᠬᠦ ᠳᠡᠭᠡᠭᠰᠢᠯᠡᠭᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠢ ᠪᠠᠷ ᠮᠠᠯᠴᠢᠨ ᠲᠦᠮᠡᠨ ᠢᠶᠠᠨ ᠲᠡᠳᠬᠦᠨ᠂ ᠬᠠᠮᠲᠤ ᠶᠢᠨ ᠠᠵᠤ ᠠᠬᠤᠢ ᠶᠢᠨ ᠠᠰᠢᠭ ᠢ ᠦᠨᠡᠨᠬᠦ ᠬᠦᠷᠳᠡᠭᠡᠵᠦ ᠴᠢᠳᠠᠭᠰᠠᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号