ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ︽ᠢᠨᠲ᠋ᠧᠷ ᠰᠦᠯᠵᠢᠶ᠎ᠡ + ᠰᠤᠪᠢᠯᠠᠯᠲᠠ︾ ᠶᠢᠨ ᠦᠢᠯᠡᠴᠢᠯᠡᠭᠡ ᠶᠢ ᠵᠢᠩᠭᠢᠨᠢ ᠪᠠᠷ ᠡᠬᠢᠯᠡᠬᠦᠯᠦᠯ᠎ᠡ
ᠨᠡᠶᠢᠲᠡᠯᠡᠭᠰᠡᠨ ᠴᠠᠭ᠄
2024/12/26
     ᠰᠤᠪᠢᠯᠠᠯᠲᠠ ᠶᠢᠨ ᠦᠢᠯᠡᠴᠢᠯᠡᠭᠡ ᠶᠢ ᠤᠯᠠᠮ ᠰᠢᠯᠢᠳᠡᠭᠵᠢᠬᠦᠯᠵᠦ᠂ ᠠᠷᠠᠳ ᠣᠯᠠᠨ ᠤ ᠣᠯᠠᠨ ᠡᠰᠢᠵᠢᠭᠰᠡᠨ ᠰᠤᠪᠢᠯᠠᠯᠲᠠ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ︽ᠢᠨᠲ᠋ᠧᠷ ᠰᠦᠯᠵᠢᠶ᠎ᠡ + ᠰᠤᠪᠢᠯᠠᠯᠲᠠ︾ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠢᠳᠡᠪᠬᠢᠲᠡᠶ ᠰᠦᠪᠡᠭᠴᠢᠯᠡᠨ᠂ 12 ᠰᠠᠷ᠎ᠠ ᠶᠢᠨ 19  ᠤ ᠡᠳᠦᠷ ᠡᠬᠢᠯᠡᠯᠲᠡ ᠶᠢᠨ ᠶᠣᠰᠣᠯᠠᠯ ᠶᠠᠪᠤᠭᠳᠠᠭᠤᠯᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠯᠢ ᠭᠦᠸᠧ ᠴᠢᠩ ᠶᠤᠰᠤᠯᠠᠯ ᠳᠤ ᠣᠷᠣᠯᠴᠠᠪᠠ᠃      ᠯᠢ ᠭᠦᠸᠧ ᠴᠢᠩ ᠡᠬᠢᠯᠡᠯᠳᠡ ᠶᠢᠨ ᠶᠤᠰᠤᠯᠠᠯ ᠳᠤ ᠶᠠᠷᠢᠶ᠎ᠠ ᠬᠢᠵᠦ ᠵᠢᠭᠠᠭᠰᠠᠨ ᠨᠢ᠂ ︽ᠢᠨᠲ᠋ᠧᠷ ᠰᠦᠯᠵᠢᠶ᠎ᠡ +ᠰᠤᠪᠢᠯᠠᠯᠲᠠ︾ ᠶᠢᠨ ᠦᠢᠯᠡᠴᠢᠯᠡᠭᠡ ᠪᠣᠯ ᠡᠮ ᠡᠮᠨᠡᠯᠭᠡ ᠡᠷᠡᠭᠦᠯ ᠮᠡᠨᠳᠦ ᠶᠢᠨ ᠬᠦᠷᠢᠶᠡᠨ ᠳᠠᠬᠢ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠤᠨ᠎ᠠ᠃ ᠡᠨᠡ ᠨᠢ ᠮᠡᠳᠡᠭᠡ ᠵᠠᠩᠭᠢ ᠶᠢᠨ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠢ ᠳᠠᠭᠠᠵᠤ᠂ ᠪᠦᠬᠦ ᠬᠤᠰᠢᠭᠤᠨ ᠤ ᠣᠯᠠᠨ ᠲᠦᠮᠡᠨ ᠤ ᠣᠯᠠᠨ ᠶᠠᠩᠵᠤᠴᠢᠯᠠᠭᠰᠠᠨ ᠡᠷᠡᠭᠦᠯ ᠮᠡᠨᠳᠦ ᠶᠢᠨ ᠬᠡᠷᠡᠭᠴᠡᠭᠡ ᠶᠢ ᠬᠠᠩᠭᠠᠬᠤ ᠵᠠᠩᠭᠢᠯᠠᠭ᠎ᠠ ᠶᠢᠨ ᠨᠢᠭᠡ ᠠᠯᠬᠤᠮ ᠪᠣᠯᠤᠨ᠎ᠠ᠃ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠬᠦᠢᠴᠡᠳᠬᠡᠵᠦ᠂ ︽ᠢᠨᠲ᠋ᠧᠷ ᠰᠦᠯᠵᠢᠶ᠎ᠡ + ᠰᠤᠪᠢᠯᠠᠯᠲᠠ︾ ᠶᠢᠨ ᠦᠢᠯᠡᠴᠢᠯᠡᠬᠡᠨ ᠤ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠢ ᠴᠢᠩᠭ᠎ᠠ ᠠᠳᠬᠤᠵᠤ᠂ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠬᠠᠮᠢᠶ᠎ᠠ ᠪᠥᠬᠦᠶ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠦᠢᠯᠡᠴᠢᠯᠡᠭᠡᠨ ᠤ ᠶᠠᠪᠤᠴᠠ ᠶᠢ ᠵᠢᠷᠤᠮᠵᠢᠭᠤᠯᠤᠨ᠂ ᠰᠤᠪᠢᠯᠠᠭᠴᠢ ᠶᠢᠨ ᠪᠣᠯᠪᠠᠰᠤᠷᠠᠯ ᠪᠠ ᠬᠢᠨᠠᠨ ᠰᠢᠯᠭᠠᠯᠲᠠ ᠶᠢ ᠴᠢᠩᠭᠠᠳᠬᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠨᠠᠷᠢᠯᠢᠭ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠪᠠᠷ ᠡᠪᠡᠳᠴᠢᠲᠡᠨ ᠳᠤ ᠳᠣᠲᠣᠨᠣ᠂ ᠪᠦᠷᠢᠨ ᠬᠦᠢᠴᠡᠳ ᠰᠤᠪᠢᠯᠠᠯᠲᠠ ᠶᠢᠨ ᠦᠢᠯᠡᠴᠢᠯᠡᠭᠡ ᠬᠠᠩᠭᠠᠬᠤ ᠬᠡᠷᠡᠭᠲᠡᠶ᠃ ᠡᠯ᠎ᠡ ᠡᠮᠴᠢᠯᠡᠭᠡᠨ ᠤ ᠪᠠᠶᠢᠭᠤᠯᠤᠮᠵᠢ ᠡᠭᠦᠨ ᠢᠶᠠᠷ ᠠᠵᠠ ᠲᠣᠬᠢᠶᠠᠯ ᠪᠣᠯᠭᠠᠨ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠠᠯᠬᠤᠮ ᠠᠯᠬᠤᠮ ᠢᠶᠠᠷ ᠥᠷᠭᠡᠳᠬᠡᠨ᠂ ᠦᠢᠯᠡᠴᠢᠯᠡᠭᠡᠨ ᠤ ᠠᠭᠤᠯᠭ᠎ᠠ ᠪᠠᠨ ᠪᠠᠶᠠᠯᠢᠭᠵᠢᠭᠤᠯᠵᠤ᠂ ᠥᠷᠭᠡᠨ ᠣᠯᠠᠨ ᠲᠦᠮᠡᠨ ᠳᠤ ᠨᠠᠩ ᠪᠥᠬᠦ ᠲᠠᠯ᠎ᠠ ᠶᠢᠨ᠂ ᠨᠠᠩ ᠳᠥᠭᠦᠮ ᠳᠥᠲᠡ᠂ ᠨᠠᠩ ᠥᠨᠳᠥᠷ ᠪᠦᠲᠦᠮᠵᠢᠲᠡᠶ ᠡᠮᠴᠢᠯᠡᠭᠡ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠬᠡᠷᠡᠭᠲᠡᠶ ᠭᠡᠵᠡᠢ᠃      ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ ᠯᠢ ᠬᠠᠢ ᠹᠧᠩ ᠰᠥᠨᠢᠳ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ︽ᠢᠨᠲ᠋ᠧᠷ ᠰᠦᠯᠵᠢᠶ᠎ᠡ + ᠰᠤᠪᠢᠯᠠᠯᠲᠠ︾ ᠶᠢᠨ ᠦᠢᠯᠡᠴᠢᠯᠡᠭᠡ ᠵᠢᠩᠬᠢᠨᠢ ᠪᠠᠷ ᠡᠬᠢᠯᠡᠭᠰᠡᠨ ᠢ ᠵᠠᠷᠯᠠᠪᠠ᠃      ᠶᠣᠰᠣᠯᠠᠯ ᠳᠤ ᠪᠠᠰᠠ ᠨᠢᠭᠡᠳᠦᠭᠡᠷ ᠪᠦᠯᠦᠭ ︽ᠢᠨᠲ᠋ᠧᠷ ᠰᠦᠯᠵᠢᠶ᠎ᠡ + ᠰᠤᠪᠢᠯᠠᠯᠲᠠ︾ ᠶᠢᠨ ᠦᠢᠯᠡᠴᠢᠯᠡᠬᠡᠨ  ᠤ ᠡᠷᠭᠡ ᠶᠢ ᠤᠯᠤᠭᠰᠠᠨ ᠰᠤᠪᠢᠯᠠᠭᠴᠢᠳ ᠲᠤ ᠦᠨᠡᠮᠯᠡᠯ ᠣᠯᠭᠤᠪᠠ᠃      ︽ᠢᠨᠲ᠋ᠧᠷ ᠰᠦᠯᠵᠢᠶ᠎ᠡ + ᠰᠤᠪᠢᠯᠠᠯᠲᠠ︾ ᠶᠢᠨ ᠦᠢᠯᠡᠴᠢᠯᠡᠭᠡ ᠪᠣᠯ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠶᠢᠨ ᠬᠤᠷᠢᠶ᠎ᠠ ᠳᠤ ᠳᠠᠩᠰᠠᠯᠠᠭᠤᠯᠤᠭᠰᠠᠨ ᠰᠤᠪᠢᠯᠠᠭᠴᠢ ᠶᠢ ᠬᠡᠷᠡᠭᠯᠡᠵᠦ᠂ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠭᠢ ᠶᠢᠨ ᠮᠡᠷᠭᠡᠵᠢᠯ ᠳᠤ ᠲᠦᠰᠢᠭᠯᠡᠨ᠂ ᠰᠦᠯᠵᠢᠶᠡᠨ ᠳᠡᠭᠡᠷ᠎ᠡ ᠭᠤᠶᠤᠴᠢᠯᠠᠬᠤ᠂ ᠰᠦᠯᠵᠢᠶᠡᠨ ᠠᠴᠠ ᠭᠠᠳᠠᠨᠠᠬᠢ ᠦᠢᠯᠡᠴᠢᠯᠡᠭᠡ ᠪᠠᠷ ᠭᠤᠤᠯ ᠵᠠᠭᠪᠤᠷ ᠪᠣᠯᠭᠠᠨ ᠶᠠᠪᠤᠭᠳᠠᠭᠤᠯᠵᠤ ᠪᠠᠶᠢᠭ᠎ᠠ ᠰᠤᠪᠢᠯᠠᠯᠲᠠ ᠶᠢᠨ ᠦᠢᠯᠡᠴᠢᠯᠡᠭᠡ ᠪᠣᠯᠤᠨ᠎ᠠ᠃ ᠡᠨᠡ ᠨᠢ ᠤᠯᠠᠮᠵᠢᠯᠠᠯᠲᠤ ᠰᠤᠪᠢᠯᠠᠯᠲᠠ ᠶᠢᠨ ᠦᠢᠯᠡᠴᠢᠯᠡᠭᠡᠨ ᠤ ᠴᠠᠭ ᠪᠠ ᠣᠷᠣᠨ ᠵᠠᠶ ᠶᠢᠨ ᠬᠢᠵᠠᠭᠠᠷᠯᠠᠯ ᠢ ᠡᠪᠳᠡᠵᠦ᠂ ᠰᠢᠯᠢᠳᠡᠭ ᠰᠤᠪᠢᠯᠠᠯᠲᠠ ᠶᠢᠨ ᠡᠬᠢ ᠪᠠᠶᠠᠯᠢᠭ ᠢ ᠰᠦᠯᠵᠢᠶᠡᠨ ᠲᠠᠪᠴᠠᠩ ᠢᠶᠠᠷ ᠳᠠᠮᠵᠢᠭᠤᠯᠤᠨ ᠡᠪᠡᠳᠴᠢᠲᠡᠨ ᠤ ᠬᠡᠷ ᠪᠦᠯᠢ ᠪᠠ ᠨᠡᠶᠢᠭᠡᠮ ᠲᠣᠭᠤᠷᠢᠭ ᠲᠤ ᠬᠦᠷᠲᠡᠯ᠎ᠡ ᠤᠷᠲᠤᠳᠬᠠᠵᠤ᠂ ᠡᠪᠡᠳᠴᠢᠲᠡᠨ ᠳᠤ ᠬᠡᠷ ᠠᠴᠠ ᠪᠠᠨ ᠭᠠᠷᠬᠤ ᠥᠬᠡᠶ ᠪᠠᠷ ᠲᠤᠰᠬᠠᠶ ᠮᠡᠷᠭᠡᠵᠢᠯ ᠤᠨ᠂ ᠳᠥᠭᠦᠮ ᠳᠥᠲᠡ ᠰᠤᠪᠢᠯᠠᠯᠲᠠ ᠶᠢᠨ ᠦᠢᠯᠡᠴᠢᠯᠡᠭᠡ ᠬᠦᠷᠳᠡᠭᠡᠬᠦ ᠶᠢ ᠦᠨᠡᠨ ᠬᠦ ᠪᠡᠶᠡᠯᠡᠭᠦᠯᠪᠡ᠃ ︽ᠢᠨᠲ᠋ᠧᠷ ᠰᠦᠯᠵᠢᠶ᠎ᠡ + ᠰᠤᠪᠢᠯᠠᠯᠲᠠ︾ ᠶᠢᠨ ᠦᠢᠯᠡᠴᠢᠯᠡᠭᠡ ᠪᠠᠷ ᠳᠠᠮᠵᠢᠨ᠂ ᠲᠡᠳᠡ ᠨᠠᠩ ᠣᠯᠠᠨ ᠡᠰᠢᠵᠢᠭᠰᠡᠨ᠂ ᠦᠪᠡᠷᠮᠢᠴᠡ ᠠᠷᠭ᠎ᠠ ᠬᠡᠯᠪᠡᠷᠢ ᠪᠠᠷ ᠡᠪᠡᠳᠴᠢᠲᠡᠨ ᠳᠤ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ᠂ ᠡᠷᠡᠭᠦᠯᠵᠢᠯ ᠤᠨ ᠵᠢᠯᠣᠭᠤᠳᠤᠯᠭ᠎ᠠ᠂ ᠰᠢᠷᠬ᠎ᠠ ᠶᠢᠨ ᠰᠤᠪᠢᠯᠠᠯᠲᠠ᠂ ᠡᠬᠡ ᠨᠢᠯᠬᠠᠰ ᠤᠨ ᠰᠤᠪᠢᠯᠠᠯᠲᠠ ᠵᠡᠷᠭᠡ ᠠᠯᠢ ᠣᠯᠠᠨ ᠲᠤᠰᠬᠠᠢ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠡᠪᠡᠳᠴᠢᠲᠡᠨ ᠤ ᠡᠷᠡᠭᠦᠯ ᠮᠡᠨᠳᠦ ᠶᠢ ᠬᠠᠮᠠᠭᠠᠯᠠᠬᠤ ᠪᠤᠯᠤᠨ᠎ᠠ᠃ ︽ᠢᠨᠲ᠋ᠧᠷ ᠰᠦᠯᠵᠢᠶ᠎ᠡ + ᠰᠤᠪᠢᠯᠠᠯᠲᠠ︾ ᠶᠢᠨ ᠦᠢᠯᠡᠴᠢᠯᠡᠭᠡ ᠵᠢᠩᠬᠢᠨᠢ ᠪᠠᠷ ᠡᠬᠢᠯᠡᠭᠰᠡᠨ  ᠨᠢ ᠪᠠᠰᠠ ᠪᠦᠬᠦ ᠬᠤᠰᠢᠭᠤᠨ ᠤ ᠡᠮ ᠡᠮᠨᠡᠯᠭᠡ ᠰᠤᠪᠢᠯᠠᠯᠲᠠ ᠶᠢᠨ ᠦᠢᠯᠡᠴᠢᠯᠡᠭᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠳᠤᠭᠠᠴᠢᠯᠠᠭᠰᠠᠨ᠂ ᠳᠥᠭᠦᠮᠴᠢᠯᠡᠭᠰᠡᠨ ᠰᠢᠨ᠎ᠡ ᠠᠶᠠᠨ ᠵᠠᠮ ᠳᠤ ᠣᠷᠣᠭᠰᠠᠨ ᠢ ᠬᠠᠷᠠᠭᠤᠯᠵᠤ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号