ᠬᠢᠴᠢᠶᠡᠯ ᠤᠨ ᠵᠦᠴᠦᠭᠡ ᠶᠢᠨ ᠤᠷᠤᠯᠳᠤᠭᠠᠨ ᠭᠡᠦᠭᠡᠳ ᠤᠨ ᠰᠤᠷᠤᠯᠴᠠᠯᠭ᠎ᠠ ᠶᠢᠨ ᠤᠷᠮ᠎ᠠ ᠶᠢ ᠤᠯᠠᠮ ᠬᠦᠭᠵᠢᠭᠡᠯ᠎ᠡ
ᠨᠡᠶᠢᠲᠡᠯᠡᠭᠰᠡᠨ ᠴᠠᠭ᠄
2024/12/3
      ᠲᠦᠷᠦᠭᠦᠬᠡᠨ᠂ ᠬᠤᠰᠢᠭᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠵᠥᠪᠯᠡᠯ ᠪᠣᠯᠤᠨ ᠬᠤᠰᠢᠭᠤ ᠰᠤᠷᠭᠠᠨ ᠬᠥᠮᠦᠵᠢᠯ ᠤᠨ ᠳᠤᠪᠴᠢᠶᠠᠨ ᠤ ᠬᠠᠮᠳᠤᠷᠠᠨ ᠦᠷᠨᠢᠬᠦᠯᠦᠭᠰᠡᠨ ︽2024 ᠣᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠬᠢᠴᠢᠶᠡᠯ ᠤᠨ ᠵᠦᠴᠦᠬᠡ ᠶᠢᠨ ᠤᠷᠤᠯᠳᠤᠭᠠᠨ︾ ᠠᠮᠵᠢᠯᠳᠠᠳᠠᠢ ᠶᠠᠪᠤᠭᠳᠠᠨ᠂  ᠪᠦᠬᠦ ᠬᠤᠰᠢᠭᠤᠨ ᠤ 13 ᠰᠤᠷᠭᠠᠭᠤᠯᠢ ᠴᠡᠴᠡᠷᠯᠢᠭ ᠤᠨ ᠰᠤᠩᠭᠤᠨ ᠬᠦᠷᠭᠡᠭᠰᠡᠨ ᠰᠢᠯᠢᠳᠡᠭ ᠳᠤᠭᠯᠠᠯᠳᠠ ᠪᠠᠷ ᠳᠠᠮᠵᠢᠭᠤᠯᠤᠨ ᠰᠤᠷᠤᠭᠴᠢ ᠬᠡᠦᠭᠡᠳ ᠤᠳ ᠲᠤ ᠬᠤᠪᠢᠰᠬᠠᠯ ᠤᠨ ᠰᠣᠩᠭᠤᠳᠠᠭ ᠪᠦᠲᠦᠭᠡᠯ ᠢ ᠳᠠᠬᠢᠨ ᠡᠷᠭᠢᠴᠡᠭᠦᠯᠵᠦ᠂ ᠵᠠᠭᠤᠨ ᠵᠢᠯ ᠤᠨ ᠨᠠᠮ ᠤᠨ ᠲᠡᠦᠬᠡ ᠶᠢ ᠤᠶᠢᠯᠠᠭᠠᠭᠤᠯᠤᠨ᠂ ᠰᠤᠷᠤᠯᠴᠠᠯᠭ᠎ᠠ ᠶᠢᠨ ᠤᠷᠮ᠎ᠠ ᠪᠠᠬ᠎ᠠ ᠶᠢ  ᠨᠢ ᠤᠯᠠᠮ ᠬᠦᠭᠵᠢᠬᠡᠯ᠎ᠡ᠃       ᠤᠷᠤᠯᠳᠤᠭᠠᠨ ᠳᠤ᠂ ᠴᠡᠴᠡᠷᠯᠢᠭ ᠤᠨ ᠳᠤᠭᠤᠶᠢᠯᠠᠩ᠂ ᠪᠠᠭ᠎ᠠ ᠰᠤᠷᠭᠠᠭᠤᠯᠢ ᠶᠢᠨ ᠳᠤᠭᠤᠶᠢᠯᠠᠩ ᠪᠣᠯᠤᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠬᠤᠪᠢᠶᠠᠨ ᠤᠷᠤᠯᠳᠤᠭᠤᠯᠵᠤ᠂ ᠤᠷᠢᠳ ᠬᠤᠵᠢᠳ ︽ᠤᠰᠤ ᠶᠢ ᠨᠢ ᠤᠤᠭᠤᠪᠠᠯ ᠡᠬᠢ ᠶᠢ ᠨᠢ ᠪᠤᠤ ᠮᠠᠷᠳᠠ︾᠂ ︽ᠬᠤᠪᠣᠷ ᠨᠠᠨᠳᠢᠨ ᠬᠢᠴᠢᠶᠡᠯ ᠤᠨ ᠪᠢᠴᠢᠭ︾᠂ ︽ᠤᠳᠤᠳ ᠭᠢᠯᠠᠯᠵᠠᠭᠰᠠᠨ ᠳᠤᠮᠳᠠᠳᠤ ᠤᠯᠤᠰ》᠂ ︽ᠦᠩᠭᠡ ᠨᠢ ᠭᠠᠩᠳᠠᠰᠢ ᠦᠭᠡᠢ ᠤᠯᠠᠭᠠᠨ ᠪᠣᠭᠴᠣ》ᠵᠡᠷᠭᠡ ᠰᠡᠳᠬᠢᠯ ᠬᠥᠳᠡᠯᠭᠡᠮ᠎ᠡ ᠪᠠᠭᠠᠲᠤᠷᠯᠢᠭ ᠦᠢᠯᠡ ᠠᠵᠢᠯᠯᠠᠭ᠎ᠠ᠂ ᠬᠤᠪᠢᠰᠬᠠᠯᠳᠤ ᠦᠯᠢᠬᠡᠷ ᠶᠠᠪᠤᠳᠠᠯ ᠢ ᠤᠴᠢᠷᠯᠠᠭᠰᠠᠨ ᠠᠮᠢᠳᠤᠯᠢᠭ ᠳᠤᠭᠯᠠᠯᠳᠠ ᠤᠯᠠᠨ ᠤ ᠰᠡᠳᠬᠢᠯ ᠢ ᠳᠤᠭᠳᠤᠯᠤᠭᠤᠯᠤᠨ᠂ ᠰᠤᠷᠤᠭᠴᠢᠳ ᠤᠨ ᠲᠣᠭᠯᠠᠯᠲᠠ ᠶᠢᠨ ᠤᠷ᠎ᠠ ᠴᠢᠳᠠᠪᠤᠷᠢ ᠶᠢ ᠢᠯᠡᠷᠡᠭᠦᠯᠦᠭᠰᠡᠨ ᠢᠶᠠᠷ ᠪᠠᠷᠠᠬᠤ ᠥᠬᠡᠶ ᠨᠠᠩ ᠴᠤ ᠵᠦᠴᠦᠭᠡ ᠶᠢᠨ ᠵᠣᠬᠢᠶᠠᠯ ᠤᠨ ᠵᠣᠬᠢᠶᠠᠨ ᠪᠦᠲᠦᠭᠡᠯᠭᠡ ᠪᠠ ᠳᠡᠯᠭᠡᠷᠡᠭᠦᠯᠦᠯᠲᠡ ᠪᠠᠷ ᠳᠡᠮᠵᠢᠨ ᠬᠢᠴᠢᠶᠡᠯ ᠤᠨ ᠪᠢᠴᠢᠭ ᠤᠨ ᠮᠡᠳᠡᠯᠭᠡ ᠪᠠ ᠰᠣᠶᠣᠯ ᠤᠨ ᠠᠭᠤᠯᠤᠭᠳᠠᠬᠤᠨ ᠢ ᠭᠦᠨᠵᠡᠭᠡᠶ ᠤᠶᠢᠯᠠᠭᠠᠭᠤᠯᠵᠠᠢ᠃ ᠭᠤᠶᠢᠳᠠ ᠰᠠᠶᠢᠬᠠᠨ ᠲᠣᠭᠯᠠᠯᠲᠠ ᠨᠢ ᠲᠡᠦᠬᠡ ᠶᠢᠨ ᠦᠯᠢᠭᠡᠷ᠂ ᠬᠤᠪᠢᠰᠬᠠᠯ ᠤᠨ ᠵᠣᠷᠢᠭ ᠰᠠᠨᠠᠭ᠎ᠠ ᠪᠣᠯᠤᠨ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠲᠠᠶᠢᠯᠪᠤᠷᠢᠯᠠᠵᠤ᠂ ᠲᠤᠬᠠᠢ ᠶᠢᠨ ᠲᠠᠯᠠᠪᠠᠢ ᠶᠢᠨ ᠪᠠᠭᠰᠢ ᠪᠣᠯᠤᠨ ᠭᠡᠷ ᠤᠨ ᠠᠬᠠᠮᠠᠳ ᠲᠤ ᠤᠷᠠᠯᠢᠭ ᠤᠨ ᠬᠦᠷᠳᠡᠭᠡᠯ ᠪᠤᠯᠤᠭᠰᠠᠨ ᠤ ᠬᠠᠮᠲᠤ ᠲᠡᠳᠡᠭᠡᠷ ᠦᠯᠢᠭᠡᠷ ᠤᠴᠠᠷᠠᠯ ᠤᠨ ᠬᠠᠶᠢᠷ᠎ᠠ ᠰᠡᠳᠬᠢᠯᠭᠡ ᠪᠣᠯᠤᠨ ᠵᠣᠷᠢᠭ ᠰᠠᠨᠠᠭ᠎ᠠ ᠶᠢ ᠤᠢᠢᠯᠠᠭᠠᠭᠤᠯᠪᠠ᠃       ᠤᠶᠢᠯᠠᠭᠠᠭᠰᠠᠨ ᠢᠶᠠᠷ᠂ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ ᠲᠣᠰ ᠤᠳᠠᠭᠠᠨ ᠤ ᠬᠢᠴᠢᠶᠡᠯ ᠤᠨ ᠵᠦᠴᠦᠭᠡ ᠶᠢᠨ ᠲᠣᠭᠯᠠᠯᠲᠠ ᠪᠠᠷ ᠠᠴᠢᠶᠠᠯᠠᠪᠤᠷᠢ ᠪᠣᠯᠭᠠᠵᠤ᠂ ᠠᠳᠠᠯᠢ ᠪᠤᠰᠤ ᠰᠤᠷᠤᠯᠭ᠎ᠠ ᠶᠢᠨ ᠱᠠᠲᠤᠨ ᠤ ᠰᠤᠷᠤᠭᠴᠢ ᠭᠡᠦᠭᠡᠳ ᠤᠨ ᠲᠠᠨᠢᠨ ᠮᠡᠳᠡᠬᠦᠶ ᠶᠢᠨ ᠣᠨᠴᠠᠯᠢᠭ ᠢ ᠦᠨᠳᠦᠰᠦᠯᠡᠨ᠂ ᠪᠥᠬᠦ ᠬᠤᠰᠢᠭᠤᠨ ᠤ ᠰᠤᠷᠭᠠᠭᠤᠯᠢ ᠴᠡᠴᠡᠷᠯᠢᠭ ᠲᠤ ᠬᠤᠪᠢᠰᠬᠠᠯ ᠤᠨ ᠤᠬᠠᠭᠤᠯᠭ᠎ᠠ᠂ ᠭᠤᠤᠯ ᠰᠡᠳᠦᠪᠲᠦ ᠦᠵᠡᠭᠦᠯᠦᠯᠭᠡ ᠵᠡᠷᠭᠡ ᠤᠯᠠᠨ ᠬᠡᠯᠪᠡᠷᠢ ᠪᠠᠶᠠᠯᠢᠭ ᠠᠭᠤᠯᠭ᠎ᠠ ᠪᠦᠬᠦᠢ ᠠᠵᠢᠯᠯᠠᠭ᠎ᠠ ᠥᠷᠨᠢᠭᠦᠯᠵᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠡᠶᠢᠭᠡᠮ ᠵᠢᠷᠤᠮ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠵᠤᠵᠠᠭᠠᠳᠬᠠᠨ᠂ ᠬᠤᠪᠢᠰᠬᠠᠯ ᠤᠨ ᠤᠳᠤᠮᠰᠢᠯ᠂ ᠬᠤᠪᠢᠰᠬᠠᠯ ᠤᠨ ᠬᠦᠮᠦᠵᠢᠯ ᠢ ᠤᠯᠠᠮᠵᠢᠯᠠᠵᠤ ᠪᠠᠶᠢᠭ᠎ᠠ ᠶᠤᠮ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号