ᠪᠥᠬᠦ ᠬᠤᠰᠢᠭᠤᠨ ᠤ ᠮᠠᠯ ᠤᠨ ᠭᠠᠷᠭᠠᠯᠲᠠ ᠶᠢᠨ ᠠᠵᠢᠯ ᠲᠣᠭᠲᠠᠭᠤᠨ ᠢᠶᠠᠷ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/12/3
     ᠮᠠᠨ ᠤ ᠬᠤᠰᠢᠭᠤ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠶᠡᠷᠦᠩᠬᠡᠢ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠡᠪᠦᠯ ᠤᠨ ᠤᠯᠠᠷᠢᠯ ᠤᠨ ᠮᠠᠯ ᠤᠨ ᠭᠠᠷᠭᠠᠯᠳᠠ  ᠶᠢᠨ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠮᠠᠯᠴᠢᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠠᠵᠢᠯ ᠢ ᠤᠯᠠᠮ ᠢᠶᠠᠷ ᠠᠬᠢᠭᠤᠯᠵᠤ ᠪᠠᠶᠢᠨ᠎ᠠ᠃      ᠰᠠᠶᠢᠬᠠᠨᠲᠠᠯ᠎ᠠ ᠪᠠᠯᠭᠠᠰᠤᠨ ᠤ ᠴᠠᠭᠠᠨᠬᠤᠰᠢᠭᠤ ᠭᠠᠴᠠᠭᠠᠨ ᠤ ᠮᠠᠯᠴᠢᠨ ᠹᠠᠨ ᠪᠢᠨ ᠤ ᠬᠢ 300 ᠭᠠᠷᠤᠶ ᠬᠤᠨᠢ ᠮᠠᠯᠵᠢᠵᠤ ᠪᠠᠶᠢᠨ᠎ᠠ᠃ ᠡᠪᠦᠯ ᠤᠨ ᠤᠯᠠᠷᠢᠯ ᠤᠨ ᠮᠠᠯ ᠤᠨ ᠭᠠᠷᠭᠠᠯᠳᠠ ᠶᠢᠨ ᠠᠵᠢᠯ ᠡᠬᠢᠯᠡᠭᠰᠡᠨ ᠠᠴᠠ ᠨᠠᠰᠢ᠂ ᠹᠠᠨ ᠪᠢᠨ ᠠᠰᠢᠭᠲᠠᠶ ᠲᠣᠬᠢᠶᠠᠯ ᠢ ᠠᠮᠵᠢᠨ ᠢᠳᠡᠪᠬᠢᠲᠡᠶ ᠪᠣᠷᠣᠯᠠᠭᠤᠯᠵᠤ᠂ ᠣᠷᠣᠯᠭ᠎ᠠ ᠪᠠᠨ ᠨᠡᠮᠡᠭᠳᠡᠭᠦᠯᠬᠦ ᠪᠠ ᠨᠤᠲᠤᠭ ᠪᠡᠯᠴᠢᠭᠡᠷ ᠤᠨ ᠳᠠᠷᠤᠯᠲᠠ ᠶᠢ ᠬᠥᠩᠭᠡᠷᠡᠭᠦᠯᠬᠦ ᠬᠤᠤᠰ ᠬᠠᠷᠠᠯᠲᠠ ᠶᠢ ᠪᠡᠶᠡᠯᠡᠭᠦᠯᠵᠡᠶ᠃      ᠡᠪᠦᠯ ᠤᠨ ᠤᠯᠠᠷᠢᠯ ᠤᠨ ᠮᠠᠯ ᠤᠨ ᠭᠠᠷᠭᠠᠯᠲᠠ ᠶᠢ ᠲᠦᠷᠭᠡᠳᠬᠡᠵᠦ᠂ ᠮᠠᠯᠴᠢᠨ ᠲᠠᠷᠢᠶᠠᠴᠢᠨ ᠣᠯᠠᠨ ᠲᠦᠮᠡᠨ ᠤ ᠮᠠᠯᠵᠢᠯ ᠤᠨ ᠨᠠᠷᠢᠨ ᠳᠠᠩᠰᠠ ᠪᠤᠳᠤᠬᠤ᠂ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠶᠢ ᠠᠬᠢᠭᠤᠯᠬᠤ ᠶᠢᠨ ᠲᠥᠯᠥᠭᠡ᠂ ᠮᠠᠨ ᠤ ᠬᠤᠰᠢᠭᠤᠨ ᠤ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠮᠠᠯᠴᠢᠨ ᠲᠠᠷᠢᠶᠠᠴᠢᠨ ᠢ ᠢᠳᠡᠪᠬᠢᠲᠡᠢ ᠬᠥᠲᠥᠯᠥᠨ ᠵᠢᠯᠣᠭᠤᠳᠴᠤ᠂ ᠭᠠᠷᠭᠠᠯᠳᠠ ᠶᠢᠨ ᠬᠤᠭᠤᠴᠠᠭ᠎ᠠ ᠶᠢ ᠠᠳᠬᠤᠵᠤ᠂ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠤᠨ᠂ ᠮᠠᠯᠴᠢᠨ ᠲᠦᠮᠡᠨ ᠤ ᠭᠡᠷ ᠲᠤ ᠭᠦᠨᠵᠡᠭᠡᠶᠢᠷᠡᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠠᠵᠢᠯ ᠵᠡᠷᠭᠡ ᠳᠤ ᠲᠠᠶᠢᠯᠤᠮᠵᠢ ᠬᠢᠵᠦ᠂ ᠣᠯᠠᠨ ᠤ ᠡᠷᠲᠡᠬᠡᠨ ᠭᠠᠷᠭᠠᠯᠳᠠ ᠬᠢᠬᠦ ᠶᠢ ᠵᠣᠷᠢᠭᠵᠢᠭᠤᠯᠤᠨ᠂ ᠣᠷᠣᠯᠭ᠎ᠠ ᠪᠠᠨ ᠨᠡᠮᠡᠭᠳᠡᠭᠦᠯᠬᠦ᠂ ᠮᠠᠯ ᠪᠡᠯᠴᠢᠭᠡᠷ ᠤᠨ ᠳᠡᠩᠴᠡᠭᠦᠷᠢ ᠶᠢ ᠪᠠᠳᠤᠯᠠᠬᠤ ᠶᠢ ᠪᠡᠶᠡᠯᠡᠭᠦᠯᠪᠡ᠃ ᠤᠶᠢᠯᠠᠭᠠᠭᠰᠠᠨ ᠢᠶᠠᠷ᠂ 2024 ᠣᠨ ᠳᠤ ᠪᠦᠬᠦ ᠬᠤᠰᠢᠭᠤᠨ ᠤ ᠮᠠᠯ ᠤᠨ ᠭᠠᠷᠭᠠᠯᠲᠠ ᠶᠢ 46.5 ᠲᠦᠮᠡᠨ ᠲᠣᠯᠣᠭᠠᠢ ᠳᠤ ᠬᠦᠷᠬᠡᠬᠦ ᠪᠠᠷ ᠲᠦᠯᠦᠪᠯᠡᠵᠦ᠂ ᠤᠳᠤᠬᠠᠨ ᠪᠣᠯᠲᠠᠯ᠎ᠠ᠂ ᠪᠥᠬᠦ ᠬᠤᠰᠢᠭᠤ ᠪᠠᠷ ᠢᠶᠠᠨ ᠨᠢᠭᠡᠨᠲᠡ 44.81 ᠲᠦᠮᠡᠨ ᠮᠠᠯ ᠵᠠᠷᠤᠴᠠᠭᠤᠯᠵᠤ᠂ ᠡᠭᠦᠨ ᠳᠤ ᠪᠣᠳᠠ ᠮᠠᠯ 3.69 ᠲᠦᠮᠡ᠂ ᠪᠣᠭ ᠮᠠᠯ 41.12 ᠲᠦᠮᠡ ᠪᠤᠢ᠃ ᠠᠵᠤ ᠠᠬᠤᠶᠢᠯᠠᠯ ᠤᠨ ᠭᠠᠷᠭᠠᠯᠲᠠ 31.34 ᠲᠦᠮᠡᠨ ᠲᠣᠯᠣᠭᠠᠢ ᠳᠤ ᠬᠦᠷᠴᠦ᠂ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠭᠠᠷᠭᠠᠯᠳᠠ 10.46 ᠲᠦᠮᠡᠨ ᠲᠣᠯᠣᠭᠠᠢ ᠳᠤ ᠬᠦᠷᠴᠦ᠂ ᠢᠳᠡᠰᠢ ᠤᠤᠭᠤᠰᠢ ᠵᠡᠷᠭᠡ ᠪᠤᠰᠤᠳ ᠭᠠᠷᠭᠠᠯᠲᠠ 3.01 ᠲᠦᠮᠡᠨ ᠲᠣᠯᠣᠭᠠᠢ ᠳᠤ ᠬᠦᠷᠪᠡ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠦᠷᠭᠦᠯᠵᠢᠯᠡᠨ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠮᠠᠯᠴᠢᠨ ᠲᠦᠮᠡᠨ ᠢ ᠬᠥᠲᠥᠯᠥᠨ ᠵᠢᠯᠣᠭᠤᠳᠴᠤ ᠡᠪᠡᠰᠦ ᠪᠣᠷᠳᠣᠭᠠᠨ ᠤ ᠲᠠᠩᠰᠠ ᠶᠢ ᠨᠠᠷᠢᠨ ᠣᠨᠣᠪᠴᠢᠲᠠᠶ ᠪᠤᠳᠤᠵᠤ᠂ ᠮᠠᠯ ᠤᠨ ᠭᠠᠷᠭᠠᠯᠲᠠ ᠶᠢ ᠲᠦᠷᠭᠡᠳᠬᠡᠵᠦ᠂ ᠡᠪᠡᠰᠦ ᠪᠤᠷᠳᠤᠭᠠᠨ ᠤ ᠪᠡᠯᠡᠳᠭᠡᠯ ᠢ ᠰᠠᠶᠢᠲᠤᠷ ᠬᠢᠵᠦ᠂ ᠮᠠᠯ ᠤᠨ ᠮᠡᠨᠳᠦ ᠡᠪᠦᠯᠵᠢᠬᠦ ᠶᠢ ᠪᠠᠳᠤᠯᠠᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号