ᠪᠦᠬᠦ ᠣᠷᠣᠨ ᠤ ᠶᠢᠰᠦᠳᠦᠭᠡᠷ ᠬᠤᠭᠤᠴᠠᠭᠠᠨ ᠤ ︽ᠤᠨᠠᠭᠠᠨ ᠢᠷᠦᠬᠡᠯᠴᠢ︾ ᠬᠡᠦᠬᠡᠳ ᠪᠠᠭᠠᠴᠤᠳ ᠤᠨ ᠤᠯᠠᠮᠵᠢᠯᠠᠯᠲᠤ ᠢᠷᠦᠭᠡᠯ ᠮᠠᠭᠳᠠᠭᠠᠯ ᠤᠨ ᠤᠷᠤᠯᠳᠤᠭᠠᠨ ᠮᠠᠨ ᠤ ᠬᠤᠰᠢᠭᠤᠨ ᠳᠤ ᠶᠠᠪᠤᠭᠳᠠᠯ᠎ᠠ
ᠨᠡᠶᠢᠲᠡᠯᠡᠭᠰᠡᠨ ᠴᠠᠭ᠄
2024/12/30
     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ — ᠪᠦᠬᠦ ᠣᠷᠣᠨ ᠤ ᠶᠢᠰᠦᠳᠦᠭᠡᠷ ᠬᠤᠭᠤᠴᠠᠭᠠᠨ ᠤ ︽ᠤᠨᠠᠭᠠᠨ ᠢᠷᠦᠬᠡᠯᠴᠢ︾ ᠬᠡᠦᠬᠡᠳ ᠪᠠᠭᠠᠴᠤᠳ ᠤᠨ ᠤᠯᠠᠮᠵᠢᠯᠠᠯᠲᠤ ᠢᠷᠦᠭᠡᠯ ᠮᠠᠭᠳᠠᠭᠠᠯ ᠤᠨ ᠤᠷᠤᠯᠳᠤᠭᠠᠨ ᠤᠶᠢᠷ᠎ᠠ  ᠶᠢᠨ ᠡᠳᠦᠷ ᠮᠠᠨ ᠤ ᠬᠤᠰᠢᠭᠤᠨ ᠳᠤ ᠶᠠᠪᠤᠭᠳᠠᠪᠠ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠨᠠᠷᠠᠰᠤ ᠠᠵᠢᠯᠯᠠᠭ᠎ᠠ ᠳᠤ ᠤᠷᠤᠯᠴᠠᠵᠠᠢ᠃      ᠬᠤᠰᠢᠭᠤ ᠵᠢᠷᠭᠠᠯᠠᠩ ᠨᠠᠰᠤᠳᠠᠶᠢᠴᠤᠳ ᠤᠨ ᠶᠡᠷᠦᠩᠬᠡᠶᠢᠯᠡᠭᠰᠡᠨ ᠠᠰᠠᠷᠠᠮᠵᠢ ᠶᠢᠨ ᠬᠦᠷᠢᠶᠡᠯᠡᠩ ᠳᠤ᠂ ᠪᠦᠬᠦ ᠣᠷᠣᠨ ᠤ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠪᠠᠭᠠᠴᠤᠳ ᠬᠡᠦᠬᠡᠳ ᠨᠠᠰᠤᠳᠠᠢ ᠡᠪᠦᠭᠡ ᠡᠮᠡᠭᠡ ᠨᠠᠷ ᠲᠠᠢ ᠬᠠᠳᠠᠭ ᠪᠠᠷᠢᠨ ᠵᠤᠯᠭᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ᠂ ᠢᠷᠦᠬᠡᠯ ᠨᠠᠶᠢᠷᠠᠭ ᠤᠨ ᠪᠠᠭ᠋ᠠᠳᠠᠳ᠂ ᠦᠵᠡᠭᠴᠢ ᠲᠦᠮᠡᠨ ᠨᠢᠭᠡ ᠳᠠᠩᠭᠢᠮ ᠳᠤ ᠴᠤᠭᠯᠠᠵᠠᠭᠠᠨ᠂ ᠬᠤᠰᠢᠭᠤ ᠤᠯᠠᠭᠠᠨᠮᠥ᠋ᠴᠢᠷ ᠤᠨ ᠳᠤᠭᠯᠠᠭᠴᠢᠳ  ᠤᠨ ᠤᠶᠠᠩᠭᠠᠳᠤ ᠳᠠᠭᠤᠨ ᠤ ᠡᠭᠡᠰᠢᠭ ᠢᠶᠠᠷ ᠠᠵᠢᠯᠯᠠᠭᠠᠨ ᠤ ᠬᠦᠰᠢᠬᠡ ᠶᠢ ᠰᠡᠬᠦᠵᠡᠢ᠃      ᠠᠪᠢᠶᠠᠰᠤᠯᠢᠭ ᠪᠢᠴᠢᠬᠠᠨ ᠢᠷᠦᠭᠡᠯᠴᠢᠳ ᠮᠠᠨᠢ ᠬᠠᠩᠭᠢᠨᠠᠮ᠎ᠠ ᠴᠡᠭᠡᠯᠭᠡᠨ ᠳᠠᠭᠤᠤ ᠬᠤᠭᠤᠯᠠᠢ᠂ ᠤᠷᠤᠰᠤᠮ᠎ᠠ ᠢᠷᠠᠭᠤ ᠬᠡᠯᠡ ᠠᠪᠢᠶ᠎ᠠ ᠪᠠᠷ ᠨᠤᠳᠤᠭ ᠨᠤᠳᠤᠭ ᠤᠨ ᠢᠷᠦᠭᠡᠯ ᠮᠠᠭᠳᠠᠭᠠᠯ ᠤᠨ ᠤᠨᠴᠠᠯᠢᠭ ᠢ ᠢᠯᠡᠷᠡᠭᠦᠯᠦᠨ᠂ ᠤᠯᠠᠮᠵᠢᠯᠠᠯᠳᠤ ᠦᠪ ᠰᠤᠶᠤᠯ ᠢᠶᠠᠨ ᠪᠠᠭ᠋ᠠᠳᠤᠨ ᠤᠶᠠᠩᠭᠠᠯᠠᠵᠤ᠂ ᠨᠠᠰᠤᠳᠠᠶᠢᠴᠤᠳ ᠢ ᠪᠠᠶᠠᠰᠬᠠᠨ᠂ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠤᠯᠵᠠᠢ᠃ ᠮᠠᠨ ᠤ ᠤᠷᠤᠨ ᠤ ᠨᠡᠷ᠎ᠡ ᠨᠦᠯᠦᠬᠡ ᠲᠠᠢ ᠬᠢᠨᠠᠭᠴᠢ ᠪᠠᠭᠰᠢᠨᠠᠷ ᠤᠨ ᠲᠦᠪ ᠭᠤᠤᠯᠴᠢ ᠦᠨᠡᠯᠡᠯᠳᠡ ᠪᠠᠷ ᠳᠠᠮᠵᠢᠨ ᠤᠷᠤᠯᠳᠤᠭᠠᠨ ᠳᠤ᠂ ᠠᠯᠳᠠᠨ ᠤᠨᠠᠭ᠎ᠠ ᠱᠠᠩᠨᠠᠯ ᠤᠨ ᠪᠠᠶᠢᠷᠢ ᠳᠤ ᠨᠢᠭᠡ ᠨᠡᠷ᠎ᠡ᠂ ᠮᠦᠩᠭᠦᠨ ᠤᠨᠠᠭ᠎ᠠ ᠱᠠᠩᠨᠠᠯ ᠤᠨ ᠪᠠᠶᠢᠷᠢ ᠳᠤ ᠬᠤᠶᠠᠷ ᠨᠡᠷ᠎ᠡ᠂ ᠬᠦᠷᠡᠯ ᠤᠨᠠᠭ᠎ᠠ ᠱᠠᠩᠨᠠᠯ ᠤᠨ ᠪᠠᠶᠢᠷᠢ ᠳᠤ ᠭᠤᠷᠪᠠᠨ ᠨᠡᠷ᠎ᠡ ᠢᠷᠦᠬᠡᠯᠴᠢᠳ ᠢ ᠳᠤᠰ ᠳᠤᠰ ᠰᠢᠯᠭᠠᠷᠠᠭᠤᠯᠤᠭᠰᠠᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠶᠢ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠦᠬᠡ ᠶᠢᠨ ᠮᠠᠲ᠋ᠧᠷᠢᠶᠠᠯ ᠤᠨ ᠵᠥᠪᠯᠡᠯ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠬᠡ ᠶᠢᠨ ᠦᠢᠯᠡᠴᠢᠯᠡᠭᠡᠨ ᠤ ᠲᠥᠪ ᠠᠴᠠ ᠭᠤᠤᠯᠯᠠᠨ ᠡᠷᠭᠢᠯᠡᠵᠦ᠂ ᠵᠢᠷᠭᠠᠯᠠᠩ ᠨᠠᠰᠤᠳᠠᠶᠢᠴᠤᠳ ᠤᠨ ᠶᠡᠷᠦᠩᠬᠡᠶᠢᠯᠡᠭᠰᠡᠨ ᠠᠰᠠᠷᠠᠮᠵᠢ ᠶᠢᠨ ᠬᠦᠷᠢᠶᠡᠯᠡᠩ ᠠᠴᠠ ᠳᠠᠭᠠᠭᠠᠴᠢᠯᠠᠨ ᠡᠷᠭᠢᠯᠡᠪᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号