ᠲᠦᠮᠡᠨ ᠤ ᠲᠦᠯᠦᠬᠡ ᠵᠢᠳᠬᠦᠵᠦ ᠶᠠᠪᠤᠭ᠎ᠠ ᠲᠦᠯᠦᠬᠡᠯᠡᠭᠴᠢ ᠪᠦᠰᠡᠬᠦᠢ — ᠬᠠᠨ ᠶᠢᠩ
ᠨᠡᠶᠢᠲᠡᠯᠡᠭᠰᠡᠨ ᠴᠠᠭ᠄
2024/12/31
     ᠰᠠᠶᠢᠬᠠᠨᠲᠠᠯ᠎ᠠ ᠪᠠᠯᠭᠠᠰᠤᠨ ᠤ ᠪᠤᠯᠠᠭ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ᠤᠨ ᠳᠡᠳ᠋ ᠱᠦᠵᠢ ᠬᠠᠨ ᠶᠢᠩ ᠪᠤᠯ ᠡᠬᠡᠯ ᠵᠢᠷ ᠤᠨ ᠠᠵᠢᠯ ᠤᠨ ᠪᠠᠶᠢᠷᠢᠨ ᠳᠡᠭᠡᠷ᠎ᠡ ᠪᠠᠨ ᠡᠩ ᠦᠬᠡᠢ ᠶᠡᠭᠡ ᠰᠠᠨᠠᠭ᠎ᠠ ᠪᠡᠶ᠎ᠡ ᠪᠠᠨ ᠴᠢᠯᠡᠬᠡᠵᠦ᠂ ᠤᠯᠠᠨ ᠲᠦᠮᠡᠨ ᠤ ᠠᠰᠢᠭ ᠳᠤᠰᠠ ᠶᠢᠨ ᠡᠮᠦᠨ᠎ᠡ ᠠᠴᠠ ᠴᠢᠷᠮᠠᠶᠢᠨ ᠠᠵᠢᠯᠯᠠᠵᠤ ᠶᠠᠪᠤᠭ᠎ᠠ ᠦᠨᠳᠦᠰᠦᠨ ᠱᠠᠳᠤᠨ ᠤ ᠦᠢ ᠤᠯᠠᠨ ᠺᠠᠳ᠋ᠷᠴᠤᠳ ᠤᠨ ᠲᠦᠯᠦᠬᠡᠯᠡᠯ ᠪᠢᠯᠡ᠃      ᠵᠡᠭᠡᠯᠢ ᠳᠡᠭᠡᠷ᠎ᠡ ᠬᠦᠳᠡᠯᠮᠦᠷᠢᠯᠡᠬᠦ ᠳᠡᠬᠦᠨ ᠤ ᠪᠠᠷ᠎ᠠ᠂ ᠤᠯᠠᠨ ᠲᠦᠮᠡᠨ ᠢ ᠬᠠᠯᠠᠮᠵᠢᠯᠠᠬᠤ ᠳᠡᠬᠦᠨ ᠤ ᠳᠤᠳᠤᠨᠤ ᠶᠠᠷᠢᠶ᠎ᠠ᠂ ᠠᠯᠪᠠᠨ ᠰᠢᠷᠡᠭᠡᠨ ᠤ ᠠᠷᠤ ᠳᠤ ᠴᠠᠭ ᠨᠠᠷᠠ ᠦᠬᠡᠢ ᠠᠵᠢᠯᠯᠠᠬᠤ ᠳᠡᠬᠦᠨ ᠤ ᠵᠢᠳᠬᠦᠯ᠂᠂᠂᠂ ᠡᠭᠡᠯ ᠵᠢᠷ ᠤᠨ ᠠᠵᠢᠯ ᠤᠨ ᠪᠠᠶᠢᠷᠢᠨ ᠳᠡᠭᠡᠷ᠎ᠡ ᠪᠠᠨ ︽ᠲᠦᠷᠦᠭᠦᠴᠢ ᠭᠠᠯᠠᠭᠤ︾ ᠶᠢᠨ ᠵᠤᠷᠢᠭ ᠰᠠᠨᠠᠭ᠎ᠠ ᠶᠢ ᠪᠠᠳᠠᠷᠠᠭᠤᠯᠵᠤ ᠶᠠᠪᠤᠭ᠎ᠠ ᠬᠠᠨ ᠶᠢᠩ ᠨᠡᠶᠢᠭᠡᠮ ᠲᠣᠭᠤᠷᠢᠭ ᠤᠨ ᠠᠵᠢᠯᠳᠠᠨ ᠪᠣᠯᠤᠭᠰᠠᠨ ᠤ ᠬᠤᠪᠢ ᠳᠤ᠂ ᠰᠠᠭᠤᠭᠠᠯᠢ ᠠᠷᠠᠳ ᠤᠨ ᠰᠠᠨᠠᠯ ᠱᠠᠭᠠᠷᠳᠠᠯᠭ᠎ᠠ ᠶᠢ ᠰᠤᠨᠤᠰᠴᠤ᠂ ᠤᠯᠠᠨ ᠲᠦᠮᠡᠨ ᠳᠤ ᠦᠢᠯᠡᠴᠢᠯᠡᠬᠦ ᠶᠢ ᠢᠮᠠᠭᠳᠠ ᠪᠠᠷᠢᠮᠲᠠᠯᠠᠳᠠᠭ᠃      ᠵᠤᠤ ᠡᠪᠦᠭᠡ ᠶᠢᠨ ᠳᠤ ᠬᠦᠷᠴᠦ ᠳᠤᠭᠤᠷᠢᠨ ᠪᠤᠯᠭᠤᠭᠠᠬᠤ ᠳᠤ ᠪᠠᠨ᠂ ᠬᠠᠨ ᠶᠢᠩ ᠨᠠᠰᠤᠳᠠᠨ ᠤ ᠠᠮᠢᠳᠤᠷᠠᠯ  ᠤᠨ ᠪᠠᠶᠢᠳᠠᠯ᠂ ᠡᠷᠡᠬᠦᠯ ᠮᠡᠨᠳᠦ ᠶᠢᠨ ᠪᠠᠶᠢᠳᠠᠯ ᠢ ᠬᠠᠯᠠᠮᠵᠢᠯᠠᠨ ᠠᠰᠠᠭᠤᠵᠤ᠂ ᠰᠠᠭᠤᠭᠠᠯᠢ ᠲᠣᠭᠤᠷᠢᠭ ᠤᠨ ᠭᠡᠷᠡᠯᠲᠦᠭᠦᠯᠭᠡ ᠶᠢᠨ ᠲᠥᠬᠦᠭᠡᠷᠦᠮᠵᠢ ᠳᠤ ᠠᠰᠠᠭᠤᠳᠠᠯ ᠭᠠᠷᠤᠭᠰᠠᠨ ᠢ ᠤᠶᠢᠯᠠᠭᠠᠭᠠᠳ᠂ ᠳᠠᠷᠤᠢ ᠲᠦᠷᠭᠡᠨ ᠬᠠᠪᠰᠤᠷᠤᠨ ᠰᠢᠢᠳᠪᠦᠷᠢᠯᠡᠵᠦ ᠥᠭᠭᠦᠨ᠎ᠡ ᠬᠡᠵᠡᠢ᠃      ᠨᠡᠶᠢᠭᠡᠮ ᠲᠣᠭᠤᠷᠢᠭ ᠤᠨ ᠠᠵᠢᠯ ᠤᠨ ᠳᠤᠮᠳᠠ᠂ ᠰᠠᠭᠤᠭᠠᠯᠢ ᠠᠷᠠᠳ ᠤᠨ ᠲᠤᠰᠬᠠᠭᠰᠠᠨ ᠠᠰᠠᠭᠤᠳᠠᠯ ᠢ ᠬᠠᠨ ᠶᠢᠩ ᠴᠥᠮ ᠬᠠᠮᠤᠭ ᠤᠨ ᠲᠡᠷᠢᠭᠦᠨ ᠳᠤ ᠠᠷᠭ᠎ᠠ ᠰᠦᠪᠡᠭᠴᠢᠯᠡᠨ ᠰᠢᠢᠳᠪᠦᠷᠢᠯᠡᠵᠦ᠂ ᠬᠤᠪᠢ ᠪᠠᠷ ᠢᠶᠠᠨ ᠳᠤᠰᠠᠯᠠᠵᠤ ᠰᠢᠢᠳᠪᠦᠷᠢᠯᠡᠬᠦ ᠠᠷᠭ᠎ᠠ ᠦᠬᠡᠢ ᠪᠤᠯ ᠳᠡᠭᠡᠭᠰᠢ ᠳᠤᠰᠬᠠᠵᠤ᠂ ᠰᠢᠢᠳᠪᠦᠷᠢᠯᠡᠬᠦ ᠰᠡᠳᠬᠢᠮᠵᠢ ᠪᠠ ᠲᠥᠰᠦᠯ ᠢᠶᠠᠨ ᠳᠤᠳᠤᠷᠬᠠᠶᠢᠯᠠᠨ ᠡᠮᠬᠢ ᠴᠡᠭᠴᠡ ᠲᠠᠢ ᠪᠠᠷ ᠰᠢᠢᠳᠪᠦᠷᠢᠯᠡᠵᠦ ᠦᠭᠳᠡᠭ ᠠᠴᠠ ᠰᠠᠭᠤᠭᠠᠯᠢ ᠠᠷᠠᠳ ᠤᠨ ᠮᠠᠭᠳᠠᠭᠠᠯ ᠰᠠᠶᠢᠰᠢᠶᠠᠯ ᠢ ᠣᠯᠵᠤ ᠪᠠᠶᠢᠯ᠎ᠠ᠃ ᠣᠶᠢᠷ᠎ᠠ ᠶᠢᠨ ᠬᠡᠳᠦᠨ ᠵᠢᠯ ᠳᠤ᠂ ᠲᠡᠷᠡ ᠨᠡᠶᠢᠲᠡ 142 ᠶᠠᠳᠠᠭᠤ ᠡᠷᠦᠬᠡ ᠶᠢᠨ ᠪᠣᠳᠠᠲᠠᠶ ᠠᠰᠠᠭᠤᠳᠠᠯ ᠢ ᠰᠢᠢᠳᠪᠦᠷᠢᠯᠡᠵᠦ᠂ ᠠᠵᠢᠯ ᠤᠨ ᠪᠠᠶᠢᠷᠢ ᠠᠴᠠ ᠪᠠᠨ ᠪᠠᠭᠤᠭᠰᠠᠨ 35 ᠠᠵᠢᠯᠲᠠᠨ ᠠᠵᠢᠯᠴᠢᠨ ᠳᠤ ᠳᠠᠬᠢᠨ ᠠᠵᠢᠯ ᠣᠯᠭᠤᠵᠤ᠂ ᠶᠠᠳᠠᠭᠤ ᠬᠦᠴᠢᠷᠳᠡᠯᠲᠡᠶ 55 ᠣᠶᠤᠲᠠᠨ ᠳᠤ ᠪᠦᠲᠦᠮᠵᠢᠲᠡᠶ ᠬᠠᠪᠰᠤᠷᠤᠯᠭ᠎ᠠ ᠦᠵᠡᠭᠦᠯᠵᠡᠶ᠃      ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠲᠡᠷᠡ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠤᠯᠠᠨ ᠲᠦᠮᠡᠨ ᠤ ︽ᠰᠡᠳᠬᠢᠯ ᠤᠨ ᠬᠤᠯᠪᠣᠭ᠎ᠠ︾ ᠪᠤᠯᠵᠤ᠂ ᠤᠯᠠᠨ ᠲᠦᠮᠡᠨ ᠤ ᠬᠦᠴᠢᠷᠳᠡᠯ᠂ ᠬᠦᠰᠡᠯ ᠱᠠᠭᠠᠷᠳᠠᠯᠭ᠎ᠠ ᠶᠢ ᠤᠶᠢᠯᠠᠭᠠᠨ᠂ ᠤᠯᠠᠨ ᠲᠦᠮᠡᠨ ᠤ ᠠᠩᠬᠠᠷᠴᠤ ᠪᠠᠶᠢᠭ᠎ᠠ ᠴᠢᠬᠤᠯᠠ ᠠᠰᠠᠭᠤᠳᠠᠯ ᠤᠨ ᠲᠣᠭᠤᠷᠢᠨ ᠳᠤ ᠰᠠᠨᠠᠯ ᠵᠥᠪᠯᠡᠯᠭᠡ ᠳᠤᠷᠠᠳᠪᠠ᠃ 22 ᠵᠢᠯ ᠤᠨ ᠲᠤᠷᠰᠢ᠂ ᠲᠡᠷᠡ 15 ᠵᠤᠷᠪᠤᠰ ᠰᠠᠨᠠᠯ ᠰᠠᠨᠠᠭᠤᠯᠭ᠎ᠠ ᠳᠤᠷᠠᠳᠴᠤ᠂ ᠨᠡᠶᠢᠭᠡᠮ ᠲᠣᠭᠤᠷᠢᠭ ᠲᠤ ᠠᠯᠪᠠᠯᠠᠬᠤ ᠭᠠᠵᠠᠷ ᠦᠭᠡᠢ᠂ ᠨᠠᠰᠤᠲᠠᠶᠢᠴᠤᠳ ᠲᠤ ᠠᠵᠢᠯᠯᠠᠭᠠᠨ ᠤ ᠲᠠᠯᠠᠪᠤᠷ ᠦᠭᠡᠢ ᠵᠡᠷᠭᠡ ᠰᠠᠨᠠᠯ ᠰᠠᠨᠠᠭᠤᠯᠭ᠎ᠠ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠩᠬᠠᠷᠤᠯ ᠢ ᠲᠠᠲᠠᠵᠤ᠂ ᠮᠠᠰᠢ ᠲᠦᠷᠭᠡᠨ ᠬᠠᠷᠢᠭᠤᠯᠲᠠ ᠤᠯᠵᠤ᠂ ᠵᠣᠬᠢᠴᠠᠭᠤᠯᠤᠨ ᠰᠢᠢᠳᠪᠦᠷᠢᠯᠡᠭᠰᠡᠨ ᠪᠠᠶᠢᠨ᠎ᠠ᠃      ᠬᠠᠨ ᠶᠢᠩ ᠨᠡᠶᠢᠭᠡᠮ ᠲᠣᠭᠤᠷᠢᠭ ᠤᠨ ᠱᠦᠵᠢ ᠶᠢᠨ ᠲᠤᠰᠢᠶᠠᠯ ᠢ ᠬᠠᠷᠢᠭᠤᠴᠠᠵᠦ ᠪᠠᠶᠢᠭ᠎ᠠ ᠬᠤᠭᠤᠴᠠᠭᠠᠨ ᠳᠤ ᠬᠠᠮᠲᠤᠷᠠᠨ ᠪᠠᠶᠢᠭᠤᠯᠬᠤ ᠨᠢᠭᠡᠴᠡ ᠶᠢ ᠢᠳᠡᠪᠬᠢᠲᠡᠶ ᠵᠣᠬᠢᠴᠠᠭᠤᠯᠵᠤ᠂ ᠬᠠᠮᠲᠤ ᠠᠵᠢᠯᠯᠠᠭᠰᠠᠳ ᠲᠠᠢ ᠪᠠᠨ ᠰᠡᠳᠬᠢᠯ ᠨᠢᠭᠡᠳᠦᠨ ᠬᠠᠮᠵᠢᠯᠴᠠᠵᠤ᠂ ᠨᠡᠶᠢᠭᠡᠮ ᠲᠣᠭᠤᠷᠢᠭ ᠤᠨ ᠬᠠᠲᠠᠭᠤ ᠲᠣᠨᠤᠭ ᠲᠥᠬᠦᠭᠡᠷᠦᠮᠵᠢ ᠶᠢᠨ ᠠᠰᠠᠭᠤᠳᠠᠯ ᠵᠡᠷᠭᠡ ᠶᠢ ᠰᠢᠢᠳᠪᠦᠷᠢᠯᠡᠨ᠂ ᠨᠡᠶᠢᠭᠡᠮ ᠲᠣᠭᠤᠷᠢᠭ ᠤᠨ ᠬᠥᠭᠵᠢᠯᠲᠡ ᠳᠤ ᠰᠠᠶᠢᠨ ᠰᠠᠭᠤᠷᠢ ᠲᠠᠯᠪᠢᠵᠠᠶ᠃ ︽ᠨᠠᠮ ᠤᠨ ᠭᠡᠰᠢᠭᠦᠨ ᠨᠠᠢᠮᠠᠨ ᠳᠠᠭᠠᠭᠤᠯᠤᠭᠴᠢ︾ ᠪᠠ ︽ᠨᠠᠮ ᠤᠨ ᠭᠡᠰᠢᠭᠦᠨ ᠳᠤ ᠠᠵᠢᠯ ᠤᠨ ᠪᠠᠶᠢᠷᠢ ᠲᠣᠬᠢᠷᠠᠭᠤᠯᠤᠨ ᠬᠠᠷᠢᠭᠤᠴᠠᠯᠭ᠎ᠠ ᠲᠣᠭᠲᠠᠭᠠᠬᠤ︾ ᠠᠵᠢᠯᠯᠠᠭ᠎ᠠ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ ᠤᠨ 100 ᠭᠠᠷᠤᠶ ᠨᠠᠮ ᠤᠨ ᠭᠡᠰᠢᠭᠦᠨ ᠢ ᠳᠠᠭᠠᠭᠤᠯᠤᠨ ᠰᠠᠭᠤᠭᠠᠯᠢ ᠠᠷᠠᠳ ᠲᠤ 150 ᠭᠠᠷᠤᠶ ᠪᠣᠳᠠᠲᠤ ᠶᠠᠪᠤᠳᠠᠯ ᠬᠢᠵᠦ᠂ 500 ᠭᠠᠷᠤᠶ ᠰᠠᠭᠤᠭᠠᠯᠢ ᠠᠷᠠᠳ ᠢ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ ᠦᠭᠭᠦᠭᠰᠡᠨ ᠢᠶᠠᠷ ᠪᠠᠷᠠᠬᠤ ᠦᠬᠡᠢ ᠤᠯᠠᠨ ᠲᠦᠮᠡᠨ ᠤ ᠵᠥᠷᠢᠴᠡᠯ ᠵᠠᠭᠤᠷᠠᠯᠳᠤᠭᠠᠨ ᠢ ᠪᠦᠲᠦᠮᠵᠢᠳᠡᠢ ᠰᠢᠢᠳᠪᠦᠷᠢᠯᠡᠬᠦ ᠶᠢᠨ ᠲᠥᠯᠥᠭᠡ᠂ ᠨᠢᠭᠡ ᠳᠠᠯ᠎ᠠ ᠪᠠᠷ ᠦᠪᠡᠷᠳᠡᠭᠡᠨ ᠬᠠᠤᠯᠢ ᠴᠠᠭᠠᠵᠠ ᠶᠢᠨ ᠮᠡᠳᠡᠯᠭᠡ ᠶᠢ ᠨᠠᠷᠢᠨ ᠬᠢᠨᠠᠮᠠᠭᠠᠶ ᠰᠤᠷᠤᠯᠴᠠᠵᠤ᠂ ᠨᠥᠭᠦᠭᠡ ᠲᠠᠯ᠎ᠠ‌‍ᠪᠠᠷ ᠠᠵᠢᠯ ᠤᠨ ᠦᠢᠯᠡᠳᠦᠯᠭᠡ ᠲᠤᠷᠰᠢᠯᠭ᠎ᠠ ᠰᠣᠯᠢᠯᠴᠠᠬᠤ ᠪᠠᠷ ᠳᠠᠮᠵᠢᠨ᠂ ᠡᠶᠡᠳᠡᠭᠦᠯᠬᠦ ᠤᠷ᠎ᠠ ᠮᠡᠷᠭᠡᠵᠢᠯ ᠪᠠ ᠠᠷᠭ᠎ᠠ ᠪᠠᠨ ᠲᠠᠰᠤᠷᠠᠯᠲᠠ ᠦᠭᠡᠶ ᠳᠡᠭᠡᠭᠰᠢᠯᠡᠭᠦᠯᠵᠦ᠂ ᠡᠶ᠎ᠡ ᠵᠣᠬᠢᠴᠠᠯ ᠲᠠᠢ᠂ ᠲᠣᠭᠲᠠᠭᠤᠨ ᠨᠡᠶᠢᠭᠡᠮ ᠲᠣᠭᠤᠷᠢᠭ ᠤᠨ ᠣᠷᠴᠢᠨ ᠳᠤᠭᠤᠷᠢᠨ ᠢ ᠪᠤᠶ ᠪᠣᠯᠭᠠᠵᠠᠶ᠃      ᠳᠠᠪᠤᠨ ᠬᠤᠭᠤᠴᠠᠭ᠎ᠠ ᠵᠠᠯᠭᠠᠭ᠎ᠠ ᠪᠠᠷ ᠠᠷᠠᠳ ᠤᠨ ᠲᠥᠯᠥᠭᠡᠯᠡᠭᠴᠢ ᠶᠢᠨ ᠡᠬᠦᠷᠭᠡ ᠳᠤᠰᠢᠶᠠᠯ ᠢ ᠬᠠᠷᠢᠭᠤᠴᠠᠰᠠᠨ ᠬᠠᠨ ᠶᠢᠢᠩ᠂ ᠦᠪᠡᠷ ᠤᠨ ᠪᠡᠶ᠎ᠡ ᠪᠠᠨ ᠨᠡᠩ ᠴᠢᠩᠭ᠎ᠠ ᠱᠠᠭᠠᠷᠳᠠᠨ᠂ ᠡᠬᠦᠷᠭᠡ ᠳᠤᠰᠢᠶᠠᠯ ᠢᠶᠠᠨ ᠬᠢᠨᠠᠮᠠᠭᠠᠢ ᠬᠦᠢᠴᠡᠳᠭᠡᠨ᠂ ᠤᠷᠢᠳ ᠬᠤᠵᠢᠳ ᠪᠦᠬᠦ ᠠᠶᠢᠮᠠᠭ ᠤᠨ ︽ᠰᠢᠯᠢᠳᠡᠭ ᠨᠠᠮ ᠤᠨ ᠠᠵᠢᠯᠳᠠᠨ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠢᠯᠢᠳᠡᠭ ᠨᠠᠮ ᠤᠨ ᠠᠵᠢᠯᠳᠠᠨ︾ ᠤ ᠴᠤᠯᠠ ᠶᠢ ᠬᠦᠷᠳᠡᠨ᠂ ᠰᠢᠯᠢ ᠶᠢᠨ ᠭᠤᠣᠯ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶᠠᠨ ᠠᠴᠠ ︽ᠰᠢᠯᠢᠳᠡᠭ ᠡᠶᠡᠳᠡᠭᠦᠯᠦᠭᠴᠢ︾ ᠪᠠᠷ ᠦᠨᠡᠯᠡᠭᠳᠡᠨ᠂ ︽ᠪᠥᠬᠦ ᠬᠤᠰᠢᠭᠤᠨ ᠤ ᠬᠥᠳᠡᠯᠮᠦᠷᠢ ᠶᠢᠨ ᠵᠢᠱᠢᠶᠡᠴᠢ︾᠂ ᠪᠥᠬᠦ ᠬᠤᠰᠢᠭᠤᠨ ᠤ ︽ᠰᠢᠯᠢᠳᠡᠭ ᠡᠪ ᠬᠠᠮᠲᠤ ᠨᠠᠮ ᠤᠨ ᠭᠡᠰᠢᠭᠦᠨ︾᠂ ︽ᠪᠥᠬᠦ ᠬᠤᠰᠢᠭᠤᠨ ᠤ ᠰᠢᠯᠢᠳᠡᠭ ᠡᠶᠡᠳᠡᠭᠦᠯᠦᠭᠴᠢ︾ ᠵᠡᠷᠭᠡ ᠢᠷᠠᠭᠤ ᠠᠯᠳᠠᠷ ᠢ ᠭᠥᠷᠳᠡᠪᠡ᠃ ᠳᠡᠬᠦᠨ ᠤ ᠳᠠᠭᠠᠭᠤᠯᠤᠭᠰᠠᠨ ᠨᠡᠶᠢᠭᠡᠮ ᠲᠣᠭᠤᠷᠢᠭ ᠨᠢ ᠤᠷᠢᠳ ᠬᠤᠵᠢᠳ ︽ᠪᠦᠬᠦ ᠠᠶᠢᠮᠠᠭ ᠤᠨ ᠰᠢᠯᠢᠳᠡᠭ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾᠂ ︽ᠪᠦᠬᠦ ᠠᠶᠢᠮᠠᠭ ᠤᠨ ᠬᠤᠶᠠᠷ ᠪᠣᠯᠪᠠᠰᠤᠨ ᠤ ᠪᠠᠶᠢᠭᠤᠯᠤᠯᠲᠠ ᠶᠢᠨ ᠲᠤᠷᠰᠢᠯᠭ᠎ᠠ ᠰᠣᠯᠢᠯᠴᠠᠬᠤ ᠬᠤᠷᠠᠯ ᠤᠨ ᠲᠤᠪᠤᠶᠢᠮ᠎ᠡ ᠱᠠᠩᠨᠠᠯ︾᠂ ︽ᠪᠦᠬᠦ ᠬᠤᠰᠢᠭᠤᠨ ᠤ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠡᠷᠢᠭᠦᠨ ᠤ ᠨᠠᠮ ᠤᠨ ᠶᠡᠷᠦᠩᠬᠡᠢ ᠡᠭᠦᠷ︾ ᠵᠡᠷᠭᠡ ᠢᠷᠠᠭᠤ ᠠᠯᠳᠠᠷ ᠢ ᠬᠦᠷᠳᠡᠵᠦ᠂ ᠬᠦᠳᠡᠯᠮᠦᠷᠢ ᠵᠢᠳᠬᠦᠯ ᠤᠨ ᠬᠢᠨᠢ ᠨᠤᠳᠠᠯᠠᠯᠳᠠ ᠪᠤᠯᠤᠭᠰᠠᠨ ᠶᠤᠮ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号