︽ᠡᠬᠡ ᠤᠷᠤᠨ ᠤ ᠪᠠᠨ ᠠᠯᠳᠠᠨ ᠬᠢᠯᠢ ᠶᠢ ᠪᠠᠳᠤᠯᠠᠨ ᠰᠠᠬᠢᠵᠤ᠂ ᠠᠷᠠᠳ ᠤᠯᠠᠨ ᠤ ᠪᠠᠨ ᠲᠦᠪᠰᠢᠨ | ᠠᠮᠤᠭᠤᠯᠠᠩ ᠢ ᠪᠠᠳᠤᠯᠠᠬᠤ ᠨᠢ ᠬᠢᠯᠢ ᠶᠢᠨ ᠴᠡᠷᠢᠭ ᠴᠠᠭᠳᠠᠭ᠎ᠠ ᠨᠠᠷ ᠠᠴᠠ ᠭᠠᠳᠠᠨ᠎ᠠ ᠬᠢᠯᠢᠴᠢᠨ ᠪᠢᠳᠡᠨ ᠤ ᠡᠬᠦᠷᠭᠡ | ᠶᠤᠮ᠃︾ ᠭᠡᠮᠡᠨ ᠡᠷᠢᠶᠠᠨᠨᠠᠭᠤᠷ ᠰᠤᠮᠤᠨ ᠤ ᠵᠢᠪᠬᠤᠯᠠᠩᠳᠤ ᠭᠠᠴᠠᠭᠠᠨ ᠤ ᠬᠢᠯᠢ ᠶᠢᠨ ᠬᠠᠮᠠᠭᠠᠯᠠᠭᠴᠢ ᠰᠠᠶᠢᠨᠪᠠᠭᠠᠳᠤᠷ | ᠤᠨ ᠬᠢᠨ ᠬᠢᠯᠢ ᠨᠤᠳᠤᠭ ᠤᠨ ᠢᠶᠠᠨ ᠠᠮᠤᠷ ᠲᠦᠪᠰᠢᠨ ᠤ ᠲᠦᠯᠦᠭᠡ ᠦᠶ᠎ᠡ ᠤᠯᠠᠮᠵᠢᠯᠠᠨ ᠵᠢᠳᠬᠦᠵᠦ ᠶᠠᠪᠤᠭ᠎ᠠ ᠶᠤᠮ᠃ | | ᠡᠷᠢᠶᠠᠨᠨᠠᠭᠤᠷ ᠰᠤᠮᠤ ᠪᠣᠯ 18.15 ᠺᠢᠯᠣᠮᠧᠲᠷ ᠤᠨ ᠬᠢᠯᠢ ᠶᠢᠨ ᠰᠤᠭᠤᠮ ᠢᠶᠠᠷ ᠮᠤᠩᠭᠤᠯ ᠤᠯᠤᠰ ᠲᠠᠢ | ᠬᠦᠷᠰᠢᠯᠡᠵᠦ ᠪᠠᠶᠢᠭ᠎ᠠ ᠮᠠᠨ ᠬᠤᠰᠢᠭᠤᠨ ᠤ ᠴᠣᠷ ᠤᠨ ᠭᠠᠭᠴᠠ ᠬᠢᠯᠢ ᠶᠢᠨ ᠰᠤᠮᠤ ᠪᠣᠯᠤᠨ᠎ᠠ᠃ | ᠳᠡᠭᠷᠢ ᠨᠢ ᠴᠡᠯᠮᠡᠭᠰᠡᠨ ᠬᠢᠯᠢ ᠨᠤᠳᠤᠭ ᠤᠨ ᠬᠦᠷᠦᠰᠦᠨ ᠳᠤ᠂ ᠳᠠᠪᠤᠨ ᠤᠳᠤᠳᠤ ᠤᠯᠠᠭᠠᠨ ᠳᠤᠭ ᠢᠶᠠᠨ | ᠳᠠᠨᠠᠨ ᠴᠠᠭᠠᠨ ᠮᠤᠩᠭᠤᠯ ᠭᠡᠷ ᠤᠨ ᠢᠶᠠᠨ ᠤᠷᠢᠳᠤ ᠨᠠᠮᠢᠷᠠᠭᠤᠯᠤᠭᠰᠠᠨ ᠳᠠᠯ᠎ᠠ ᠶᠢᠨ ᠮᠠᠯᠴᠢᠳ ᠤᠨ ᠠᠮᠤᠭᠤᠯᠠᠩ | ᠠᠮᠢᠳᠤᠷᠠᠯ ᠳᠤᠯᠠᠭᠠᠬᠠᠨ ᠬᠠᠷᠠᠭᠳᠠᠨ᠎ᠠ᠃ | ᠬᠢᠯᠢ ᠶᠢᠨ ᠬᠠᠮᠠᠭᠠᠯᠠᠭᠴᠢ ᠶᠢᠨ ᠬᠤᠪᠴᠠᠰᠤ ᠪᠠᠨ ᠳᠡᠷᠢ ᠳᠡᠭᠰᠢ ᠡᠮᠦᠰᠦᠨ᠂ ᠳᠤᠷᠠᠨ ᠢᠶᠠᠨ ᠡᠬᠦᠷᠴᠦ᠂ ᠬᠦᠦ | ᠪᠠᠨ ᠳᠠᠭᠠᠭᠤᠯᠤᠨ᠂ ᠬᠤᠪᠢ ᠶᠢᠨ ᠮᠠᠰᠢᠨ ᠢᠶᠠᠷ ᠢᠶᠠᠨ ᠬᠢᠯᠢ ᠶᠢᠨ ᠴᠠᠭᠳᠠᠯᠳᠠ ᠶᠢᠨ ᠠᠶᠠᠨ ᠳᠤ ᠪᠠᠨ ᠭᠠᠷᠴᠤ᠂ ᠬᠢᠯᠢ | ᠶᠢᠨ ᠱᠤᠭᠤᠮ ᠤᠨ ᠠᠮᠤᠷ ᠲᠦᠪᠰᠢᠨ᠂ ᠳᠤᠤᠷ ᠬᠠᠰᠢᠯᠭ᠎ᠠ ᠶᠢᠨ ᠪᠦᠷᠢᠨ ᠪᠦᠲᠦᠨ ᠢ ᠰᠢᠯᠭᠠᠨ᠂ ᠰᠤᠯᠠᠷᠠᠵᠤ | ᠮᠤᠷᠤᠶᠢᠭᠰᠠᠨ ᠭᠡᠰᠡᠭ ᠢ ᠨᠢ ᠵᠠᠰᠠᠵᠤ ᠶᠠᠩᠵᠤᠯᠠᠬᠤ ᠶᠢᠨ ᠳᠠᠭᠠᠤ ︽ᠬᠢᠯᠢ ᠬᠢᠵᠠᠭᠠᠷ ᠲᠤ ᠪᠠᠭ᠎ᠠ ᠤᠴᠢᠷ ᠬᠡᠵᠦ ᠥᠬᠡᠶ᠂ | ᠬᠢᠯᠢ ᠨᠤᠳᠤᠭ ᠢᠶᠠᠨ ᠬᠠᠮᠠᠭᠠᠯᠠᠵᠤ ᠪᠠᠶᠢᠭ᠎ᠠ ᠨᠢ ᠥᠪᠡᠷ ᠤᠨ ᠬᠡᠷ ᠢᠶᠠᠨ ᠰᠠᠬᠢᠨ ᠬᠠᠮᠠᠭᠠᠯᠠᠵᠤ ᠪᠠᠶᠢᠭ᠎ᠠ ᠶᠠᠪᠤᠳᠠᠯ | ᠪᠣᠯᠤᠨ᠎ᠠ︾ ᠬᠡᠵᠦ ᠬᠦᠦ ᠳᠤ ᠪᠠᠨ ᠵᠠᠬᠢᠨ᠎ᠠ᠃ | 4500 ᠭᠠᠷᠤᠶ ᠲᠡᠭᠰᠢ ᠳᠥᠷᠪᠡᠯᠵᠢᠨ ᠺᠢᠯᠣᠮᠧᠲᠷ ᠤᠨ ᠥᠷᠭᠡᠨ ᠠᠭᠤᠳᠠᠮ ᠬᠢᠯᠢ ᠨᠤᠳᠤᠭ ᠢᠶᠠᠨ ᠦᠦᠷ ᠤᠨ | ᠬᠠᠷᠠᠩᠭᠤᠢ ᠠᠴᠠ ᠦᠳᠡᠰᠢ ᠶᠢᠨ ᠪᠦᠷᠦᠢ ᠪᠤᠯᠳᠠᠯ᠎ᠠ ᠬᠡᠳᠦᠨᠳᠡ ᠡᠷᠬᠢᠵᠦ ᠳᠤᠭᠤᠷᠢᠨ ᠡᠳᠦᠷ ᠢ ᠪᠠᠷᠠᠳᠠᠭ | ᠰᠠᠶᠢᠨᠪᠠᠭᠠᠳᠤᠷ᠂ ᠨᠠᠮ ᠬᠦᠮ ᠴᠡᠯᠡᠶᠢᠬᠦ ᠬᠢᠯᠢ ᠨᠤᠳᠤᠭ ᠤᠨ ᠢᠶᠠᠨ ᠠᠮᠤᠷ ᠠᠮᠤᠭᠤᠯᠠᠩ᠂ ᠲᠦᠪᠰᠢᠩᠭᠡᠨ ᠨᠠᠯᠠᠶᠢᠬᠤ | ᠪᠤᠶᠠᠨᠳᠤ ᠰᠦᠷᠦᠭ ᠤᠨ ᠢᠶᠠᠨ ᠪᠠᠷ᠎ᠠ ᠶᠢ ᠬᠠᠷᠠᠪᠠᠯ ᠴᠢᠷᠠᠢ ᠳᠤ ᠨᠢ ᠮᠦᠰᠢᠶᠡᠳᠦ ᠰᠡᠳᠬᠢᠯ ᠳᠤ ᠨᠢ ᠪᠠᠶᠠᠷ ᠪᠢᠯᠬᠠᠳᠠᠭ᠃ | ᠤᠢᠢᠷ᠎ᠠ ᠶᠢᠨ ᠵᠢᠯ ᠳᠤ᠂ ᠲᠡᠷᠡ 18.15 ᠺᠢᠯᠣᠮᠧᠲᠷ ᠤᠨ ᠬᠢᠯᠢ ᠶᠢᠨ ᠱᠤᠭᠤᠮ ᠢᠶᠠᠷ ᠮᠢᠩᠭ᠎ᠠ ᠰᠢᠬᠠᠮ ᠤᠳᠠᠭ᠎ᠠ | ᠲᠣᠭᠤᠷᠢᠨ ᠴᠠᠭᠳᠠᠵᠤ ᠬᠠᠮᠠᠭᠠᠯᠠᠨ᠂ ᠲᠣᠮᠢᠯᠠᠭᠰᠠᠨ ᠰᠠᠯᠪᠤᠷᠢ ᠳᠤ ᠡᠯ᠎ᠡ ᠲᠦᠷᠦᠯ ᠤᠨ ᠮᠡᠳᠡᠭᠡ ᠵᠠᠩᠭᠢ ᠶᠢ 700 | ᠭᠠᠷᠤᠢ ᠵᠤᠷᠪᠤᠰ ᠮᠡᠳᠡᠭᠦᠯᠵᠦ᠂ ᠡᠯ᠎ᠡ ᠲᠦᠷᠦᠯ ᠤᠨ ᠬᠢᠯᠢ ᠶᠢᠨ ᠬᠠᠮᠠᠭᠠᠯᠠᠯᠲᠠ ᠶᠢᠨ ᠲᠦᠷᠦ ᠶᠢᠨ ᠪᠤᠳᠤᠯᠭ᠎ᠠ ᠬᠠᠤᠯᠢ | ᠲᠦᠷᠢᠮ ᠤᠨ ᠤᠬᠠᠭᠤᠯᠭ᠎ᠠ ᠶᠢᠨ ᠠᠵᠢᠯᠯᠠᠭ᠎ᠠ ᠳᠤ 50 ᠭᠠᠷᠤᠢ ᠤᠳᠠᠭ᠎ᠠ ᠣᠷᠣᠯᠴᠠᠵᠤ᠂ 16 ᠬᠡᠭᠡᠷ᠎ᠡ ᠶᠢᠨ | ᠠᠮᠢᠲᠠᠨ ᠢ ᠠᠪᠤᠷᠠᠨ ᠳᠡᠩᠭᠡᠷᠡᠬᠦᠯᠪᠡ᠃ ᠡᠬᠡ ᠨᠤᠳᠤᠭ ᠤᠨ ᠢᠶᠠᠨ ᠤᠩᠭᠤᠨ ᠬᠦᠷᠦᠰᠦ᠂ ᠤᠷᠭᠤᠮᠠᠯ ᠠᠮᠢᠳᠠᠨ ᠳᠤ | ᠬᠦᠷᠳᠡᠯ᠎ᠡ ᠬᠠᠶᠢᠷ᠎ᠠ ᠪᠠᠨ ᠰᠢᠩᠭᠡᠭᠡᠨ ᠬᠠᠮᠠᠭᠠᠯᠠᠵᠤ ᠶᠠᠪᠤᠭᠰᠠᠨ ᠰᠠᠶᠢᠨᠪᠠᠭᠠᠳᠤᠷ᠂ ᠬᠢᠯᠢ ᠨᠤᠲᠤᠭ ᠤᠨ ᠠᠮᠢ ᠠᠬᠤᠶ ᠶᠢᠨ | ᠣᠷᠴᠢᠨ ᠤᠯᠠᠮ ᠢᠶᠠᠷ ᠰᠠᠶᠢᠵᠢᠷᠠᠨ᠂ ᠭᠡᠭᠡᠷ᠎ᠡ ᠶᠢᠨ ᠠᠮᠢᠳᠠᠨ ᠴᠦ ᠤᠯᠠᠮ ᠤᠯᠠᠨ ᠪᠤᠯᠵᠤ ᠪᠠᠶᠢᠭ᠎ᠠ ᠳᠤ ᠰᠡᠳᠬᠢᠯ ᠤᠨ | ᠤᠭ ᠠᠴᠠ ᠪᠠᠨ ᠪᠠᠶᠠᠷᠯᠠᠵᠤ ᠪᠠᠶᠢᠯ᠎ᠠ᠃ | ︽ᠠᠯᠳᠠᠨ ᠤ ᠬᠠᠵᠠᠭᠤᠳᠠᠬᠢ ᠭᠠᠤᠯᠢ ᠰᠢᠷᠠᠯᠠᠨ᠎ᠠ︾ ᠭᠡᠳᠡᠭ ᠢᠶᠠᠷ ᠡᠴᠢᠭᠡ ᠶᠢᠨ ᠢᠶᠠᠨ ᠬᠢᠯᠢ ᠬᠢᠵᠠᠭᠠᠷ᠂ | ᠠᠷᠠᠳ ᠤᠯᠠᠨ ᠤ ᠪᠠᠨ ᠡᠮᠦᠨ᠎ᠡ ᠠᠴᠠ ᠬᠢᠴᠢᠶᠡᠨ ᠵᠢᠳᠬᠦᠳᠡᠭ ᠬᠠᠷᠢᠭᠤᠴᠠᠯᠭᠠᠳᠤ ᠤᠬᠠᠮᠰᠠᠷ ᠢ ᠬᠦᠦ ᠠᠪᠤᠷᠭᠤ ᠨᠢ | ᠤᠯᠠᠮᠵᠢᠯᠠᠨ᠂ ᠡᠭᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ | ᠴᠣᠭᠴᠠᠯᠠᠬᠤ ᠳᠤ ᠵᠠᠯᠠᠭᠤ ᠨᠠᠰᠤᠨ ᠤ ᠬᠦᠴᠦᠨ ᠢᠶᠠᠨ ᠡᠷᠬᠦᠵᠦ ᠶᠠᠪᠤᠨ᠎ᠠ᠃ | ᠰᠠᠶᠢᠨᠪᠠᠭᠠᠲᠤᠷ ᠤᠨ ᠬᠢᠨ ᠪᠣᠯ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ᠃ ᠳᠡᠬᠦᠨ ᠤ ᠭᠡᠷᠭᠡᠢ | ᠬᠢᠯᠢᠨᠴᠡᠴᠡᠭ ᠨᠢ ᠴᠦ ᠨᠠᠮ ᠤᠨ ᠭᠡᠰᠢᠬᠦᠨ᠂ ᠬᠦᠦ ᠨᠢ ᠭᠠᠴᠠᠭᠠᠨ ᠤ ᠡᠪᠯᠡᠯ ᠤᠨ ᠡᠭᠦᠷ ᠤᠨ ᠱᠦᠵᠢ ᠪᠠᠶᠢᠵᠤ᠂ | ᠬᠡᠷ ᠢᠶᠠᠷ ᠢᠶᠠᠨ ᠲᠣᠰ ᠲᠤᠰ ᠤᠨ ᠡᠭᠦᠷᠭᠡ ᠲᠤᠰᠢᠶᠠᠯ ᠢᠶᠠᠨ ᠬᠦᠢᠴᠡᠳᠭᠡᠨ᠂ ᠭᠠᠴᠠᠭᠠᠨ ᠤ ᠪᠠᠨ ᠨᠠᠮ ᠤᠨ ᠭᠡᠰᠢᠭᠦᠨ | ᠪᠣᠯᠤᠨ ᠬᠢᠯᠢ ᠶᠢᠨ ᠬᠠᠮᠠᠭᠠᠯᠠᠭᠴᠢᠳ ᠢ ᠵᠣᠬᠢᠶᠠᠨ ᠪᠠᠶᠢᠭᠤᠯᠵᠤ ᠬᠠᠮᠲᠤ ᠪᠠᠷ ᠨᠠᠮ ᠤᠨ ᠲᠥᠷᠥ ᠶᠢᠨ ᠪᠣᠳᠣᠯᠭ᠎ᠠ᠂ | ᠬᠢᠯᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠰᠤᠷᠤᠯᠴᠠᠵᠤ᠂ ᠨᠤᠳᠤᠭ ᠤᠨ ᠢᠶᠠᠨ | ᠮᠠᠯᠴᠢᠳ ᠤᠨ ᠠᠮᠢᠳᠤᠷᠠᠯ ᠦᠢᠯᠡᠳᠪᠦᠷᠢᠯᠡᠯ ᠳᠤ ᠳᠤᠰᠠ ᠪᠤᠯᠬᠤ ᠶᠢ ᠬᠢᠴᠢᠶᠠᠳᠡᠭ᠃ ᠬᠢᠯᠢ ᠬᠢᠵᠠᠭᠠᠷ ᠢ ᠨᠠᠩ | ᠰᠠᠶᠢᠲᠤᠷ ᠲᠣᠭᠲᠠᠪᠤᠷᠢᠵᠢᠭᠤᠯᠤᠨ ᠰᠡᠷᠭᠡᠶᠢᠯᠡᠯᠲᠡ ᠶᠢ ᠪᠠᠬᠢᠵᠢᠭᠦᠯᠬᠦ ᠶᠢᠨ ᠲᠥᠯᠥᠭᠡ᠂ ᠡᠨᠡ ᠵᠢᠯ᠂ ᠮᠠᠨ ᠤ ᠬᠤᠰᠢᠭᠤ | ᠬᠢᠯᠢ ᠶᠢᠨ ᠬᠠᠮᠠᠭᠠᠯᠠᠭᠴᠢ ᠶᠢᠨ ᠡᠩᠨᠡᠭᠡ ᠶᠢ ᠪᠤᠵᠠᠭᠠᠶᠢᠷᠠᠭᠤᠯᠵᠤ᠂ ᠤᠤᠯ ᠤᠨ 4 ᠬᠥᠮᠦᠨ ᠪᠠᠶᠢᠭᠰᠠᠨ ᠠᠴᠠ ᠪᠠᠨ 25 | ᠬᠥᠮᠦᠨ ᠪᠣᠯᠵᠣ᠂ ᠲᠠᠳᠠ ᠬᠢᠯᠢ ᠶᠢᠨ ᠱᠤᠭᠤᠮ ᠤᠨ ᠡᠯ᠎ᠡ ᠴᠡᠭ ᠢ ᠪᠠᠲᠤ ᠰᠠᠬᠢᠵᠤ᠂ ᠨᠠᠮ ᠵᠠᠰᠠᠭ ᠴᠡᠷᠢᠭ ᠴᠠᠭᠳᠠᠭ᠎ᠠ | ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠦᠨ ᠰᠡᠷᠭᠡᠶᠢᠯᠡᠯᠲᠡ ᠶᠢ ᠪᠠᠬᠢᠵᠢᠭᠦᠯᠬᠦ ᠳᠤ | ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ |