ᠬᠤᠰᠢᠭᠤ ᠬᠠᠩᠭᠠᠨ ᠪᠣᠷᠣᠯᠠᠭᠤᠯᠬᠤ ᠬᠤᠷᠰᠢᠶᠠᠨ ᠤ ᠨᠠᠢᠮᠠᠳᠤᠭᠠᠷ ᠤᠳᠠᠭᠠᠨ ᠤ ᠲᠥᠯᠥᠭᠡᠯᠡᠭᠴᠢᠳ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/12/31
     ᠬᠤᠰᠢᠭᠤ ᠬᠠᠩᠭᠠᠨ ᠪᠣᠷᠣᠯᠠᠭᠤᠯᠬᠤ ᠬᠤᠷᠰᠢᠶᠠᠨ ᠤ ᠨᠠᠢᠮᠠᠳᠤᠭᠠᠷ ᠤᠳᠠᠭᠠᠨ ᠤ ᠲᠥᠯᠥᠭᠡᠯᠡᠭᠴᠢᠳ ᠤᠨ ᠬᠤᠷᠠᠯ ᠤᠶᠢᠷ᠎ᠠ ᠳᠤ ᠬᠤᠷᠠᠯᠳᠤᠵᠤ᠂ ᠠᠶᠢᠮᠠᠭ ᠤᠨ ᠬᠠᠩᠭᠠᠨ ᠪᠤᠷᠤᠯᠠᠭᠤᠯᠬᠤ ᠬᠤᠷᠰᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂  ᠬᠢᠨᠠᠯᠳᠠ ᠳᠠᠯᠪᠢᠬᠤ ᠵᠥᠪᠯᠡᠯ ᠤᠨ ᠡᠷᠬᠢᠯᠡᠭᠴᠢ ᠴᠢᠶᠣᠤ ᠭᠦᠸᠧ ᠴᠢᠩ᠂ ᠬᠤᠰᠢᠭᠤ ᠳᠡᠳ᠋ ᠳᠠᠷᠤᠭ᠎ᠠ ᠬᠠᠨ ᠶᠦᠩ ᠴᠢᠩ ᠵᠢᠴᠢ ᠪᠥᠬᠦ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠰᠢᠰᠲ᠋ᠧᠮ ᠤᠨ ᠡᠯ᠎ᠡ ᠱᠠᠲᠤᠨ ᠤ ᠲᠥᠯᠥᠭᠡᠯᠡᠭᠴᠢ ᠨᠡᠶᠢᠲᠡ ᠭᠤᠴᠢᠭᠠᠳ ᠬᠥᠮᠦᠨ ᠬᠤᠷᠠᠯ ᠳᠤ ᠣᠷᠣᠯᠴᠠᠵᠠᠶ᠃      ᠬᠤᠷᠠᠯ ᠠᠴᠠ ᠳᠣᠯᠣᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠦᠪᠯᠡᠯ ᠤᠨ ᠠᠵᠢᠯ ᠤᠨ ᠮᠡᠳᠡᠭᠦᠯᠦᠯᠲᠡ ᠪᠣᠯᠤᠨ ᠬᠢᠨᠠᠯᠳᠠ ᠳᠠᠯᠪᠢᠬᠤ ᠵᠥᠪᠯᠡᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠰᠢᠨ᠎ᠡ ᠨᠢᠭᠡ ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠦᠪᠯᠡᠯ᠂ ᠬᠢᠨᠠᠯᠳᠠ ᠳᠠᠯᠪᠢᠬᠤ ᠵᠥᠪᠯᠡᠯ ᠵᠢᠴᠢ ᠬᠡᠷᠡᠭ ᠡᠷᠬᠢᠯᠡᠭᠴᠢᠳ ᠤᠨ ᠵᠦᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ ᠪᠣᠯᠤᠨ ᠬᠢᠨᠠᠯᠳᠠ ᠳᠠᠯᠪᠢᠬᠤ ᠵᠥᠪᠯᠡᠯ ᠤᠨ ᠡᠷᠬᠢᠯᠡᠭᠴᠢ ᠶᠢ ᠰᠣᠩᠭᠤᠨ ᠭᠠᠷᠭᠠᠪᠠ᠃ ︽ᠬᠡᠷᠡᠭ ᠡᠷᠬᠢᠯᠡᠭᠴᠢᠳ ᠤᠨ ᠵᠦᠪᠯᠡᠯ ᠤᠨ ᠠᠵᠢᠯ ᠤᠨ ᠮᠡᠳᠡᠭᠦᠯᠦᠯᠲᠡ︾᠂ ︽ᠬᠢᠨᠠᠯᠳᠠ ᠳᠠᠯᠪᠢᠬᠤ ᠵᠥᠪᠯᠡᠯ ᠤᠨ ᠠᠵᠢᠯ ᠤᠨ ᠮᠡᠳᠡᠭᠦᠯᠦᠯᠲᠡ︾ ᠵᠢᠴᠢ ︽ᠰᠥᠨᠢᠳ ᠪᠠᠷᠠᠭᠤᠨ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠬᠠᠮᠳᠤᠷᠠᠭᠰᠠᠨ ᠬᠤᠷᠰᠢᠶᠠᠨ ᠤ ᠲᠦᠷᠢᠮ︾ ᠢ ᠪᠠᠲᠤᠯᠠᠪᠠ᠃      ᠬᠤᠰᠢᠭᠤ ᠬᠠᠩᠭᠠᠨ ᠪᠣᠷᠣᠯᠠᠭᠤᠯᠬᠤ ᠬᠤᠷᠰᠢᠶ᠎ᠠ  ᠲᠠᠷᠠᠭᠠᠴᠢ ᠶᠢᠨ ᠠᠯᠬᠤᠮ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠪᠠ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶᠠᠨ ᠤ ᠵᠦᠪ ᠤᠨᠤᠪᠴᠢᠳᠠᠢ ᠵᠢᠯᠣᠭᠤᠳᠣᠯᠭ᠎ᠠ ᠳᠤᠤᠷ᠎ᠠ᠂ ᠬᠦᠴᠦᠯᠡᠨ ᠴᠢᠷᠮᠠᠶᠢᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂  ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号